| | 8 ᠰᠠᠷ᠎ᠠ ᠶᠢᠨ 3 - 4 ᠤ ᠡᠳᠦᠷ ᠪᠣᠯᠲᠠᠯ᠎ᠠ᠂ 2024 ᠣᠨ ᠤ ᠠᠷᠦ ᠬᠤᠷᠴᠢᠨ ᠬᠤᠰᠢᠭᠤᠨ ᠤ ︽ | ᠳᠤᠮᠳᠠᠳᠤ ᠤᠯᠤᠰ ᠤᠨ ᠵᠦᠩ ᠬᠤᠸᠠ ᠬᠤᠨᠳᠠᠭᠠᠳᠤ︾ ᠭᠠᠴᠠᠭ᠎ᠠ ᠲᠣᠰᠬᠤᠨ ᠤ ᠲᠠᠰ ᠤᠨ ᠰᠬᠠᠰᠣᠨ ᠪᠦᠮᠪᠦᠭᠡ ᠶᠢᠨ | ᠬᠤᠯᠪᠣᠭᠠᠲᠤ ᠤᠷᠤᠯᠳᠤᠭᠠᠨ ᠤ ᠡᠴᠦᠰ ᠤᠨ ᠰᠢᠢᠳᠪᠤᠷᠢᠲᠤ ᠤᠷᠤᠯᠳᠤᠭᠠᠨ ᠳᠢᠶᠠᠨ ᠶᠤᠸᠠᠨ ᠪᠡᠶ᠎ᠡ ᠶᠢᠨ ᠲᠠᠮᠢᠷ ᠤᠨ | ᠣᠷᠳᠣᠨ ᠳᠤ ᠶᠠᠪᠤᠭᠳᠠᠵᠤ ᠲᠡᠭᠦᠰ ᠠᠮᠵᠢᠯᠲᠠ ᠲᠠᠢ ᠥᠨᠳᠥᠷᠯᠡᠪᠡ᠃ | | | | | | ᠲᠣᠰ ᠬᠤᠯᠪᠣᠭᠠᠲᠤ ᠤᠷᠣᠯᠳᠤᠭᠠᠨ ᠨᠢ 7 ᠳ᠋ᠤᠭᠠᠷ ᠰᠠᠷ᠎ᠠ ᠳᠤ ᠡᠬᠢᠯᠡᠭᠰᠡᠨ ᠠᠴᠠ ᠨᠠᠭᠠᠰᠢ᠂ ᠢᠳᠡ ᠬᠦᠭ | ᠲᠠᠢ ᠶᠠᠪᠤᠭᠳᠠᠭᠰᠠᠭᠠᠷ ᠢᠷᠡᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠨᠠᠶᠢᠳᠠ15 ᠡᠳᠦᠷ ᠤᠨ | ᠬᠤᠭᠤᠴᠠᠭ᠎ᠠ ᠲᠠᠢ ᠶᠠᠪᠤᠭᠳᠠᠵᠤ᠂ 16 ᠤᠷᠤᠯᠳᠤᠭᠠᠨ ᠤ ᠲᠤᠭᠤᠷᠢᠭ ᠠᠴᠠ ᠬᠦᠷᠦᠯᠴᠡᠨ ᠢᠷᠡᠭᠰᠡᠨ 200 ᠭᠠᠷᠤᠢ | ᠰᠠᠯᠪᠤᠷᠢ ᠠᠩᠭᠢ᠂ 2000 ᠭᠠᠷᠤᠢ ᠬᠥᠮᠥᠨ ᠣᠷᠣᠯᠳᠤᠭᠠᠨ ᠳᠤ ᠣᠷᠣᠯᠴᠠᠪᠠ᠃ ᠡᠯ᠎ᠡ ᠰᠤᠮᠦ ᠰᠢᠶᠠᠩ ᠪᠠᠯᠭᠠᠰᠤ᠂ | ᠵᠡᠬᠡᠯᠢ ᠭᠤᠳᠤᠮᠵᠢ ᠶᠢᠨ ᠬᠢᠨ ᠭᠠᠴᠠᠭ᠎ᠠ ᠲᠣᠰᠬᠤᠨ᠂ ᠨᠠᠶᠢᠭᠡᠮ ᠲᠣᠭᠤᠷᠢᠭ ᠤᠨ ᠲᠠᠰ ᠤᠨ ᠤᠷᠤᠯᠳᠤᠭᠠᠨ ᠢ ᠨᠠᠶᠢᠳᠠ | ᠵᠠᠭᠤ ᠭᠠᠷᠤᠢ ᠲᠠᠯᠠᠪᠤᠷ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠡᠮᠣᠨ᠎ᠡ ᠤᠮᠠᠷ᠎ᠠ ᠣᠷᠣᠯᠳᠤᠭᠠᠨ ᠤ ᠲᠣᠭᠤᠷᠢᠭ ᠤᠨ | ᠰᠢᠢᠳᠪᠤᠷᠢᠲᠤ ᠤᠷᠤᠯᠳᠤᠭᠠᠨ ᠳᠤ ᠨᠠᠶᠢᠳᠠ 32 ᠲᠠᠯᠠᠪᠤᠷ ᠤᠷᠤᠯᠳᠤᠵᠤ᠂ ᠬᠠᠮᠤᠭ ᠡᠴᠦᠰ ᠲᠤ ᠬᠠᠨᠰᠦ᠋ᠮ᠎ᠡ ᠰᠤᠮᠤ᠂ | ᠱᠣᠣ ᠪᠠᠯᠭᠠᠰᠤ᠂ ᠵᠢᠭᠠᠰᠤᠲᠠᠢ ᠪᠠᠯᠭᠠᠰᠤ᠂ ᠣᠤ ᠮᠥᠷᠡᠨ ᠵᠡᠬᠡᠯᠢ ᠭᠤᠳᠤᠮᠵᠢ ᠵᠡᠷᠭᠡ 4 ᠲᠥᠯᠥᠭᠡᠯᠡᠭᠴᠢᠳ ᠤᠨ | ᠠᠩᠬᠢ ᠬᠤᠯᠪᠣᠭᠠᠲᠤ ᠣᠷᠣᠯᠳᠤᠭᠠᠨ ᠤ ᠡᠴᠣᠰ ᠤᠨ ᠰᠢᠢᠳᠪᠤᠷᠢᠲᠦ ᠤᠷᠤᠯᠳᠤᠭᠠᠨ ᠤ ᠡᠷᠬᠡ ᠶᠢ ᠣᠯᠵᠤ᠂ ᠡᠴᠦᠰ | ᠤᠨ ᠰᠢᠢᠳᠪᠤᠷᠢᠲᠦ ᠤᠷᠤᠯᠳᠤᠭᠠᠨ ᠳᠤ ᠨᠠᠶᠢᠳᠠ 4 ᠲᠠᠯᠠᠪᠤᠷ ᠣᠷᠣᠯᠳᠣᠡᠡᠰᠡᠨ ᠪᠠᠶᠢᠨ᠎ᠠ᠃ | | | | | | 8 ᠰᠠᠷ᠎ᠠ ᠶᠢᠨ 4 ᠤ ᠣᠷᠣᠢ᠂ ᠬᠠᠨᠰᠦ᠋ᠮ᠎ᠡ ᠰᠤᠮᠦ ᠶᠢᠨ ᠲᠥᠯᠥᠭᠡᠯᠡᠭᠴᠢᠳ ᠤᠨ ᠠᠩᠭᠢ ᠪᠠ ᠵᠢᠭᠠᠰᠤᠲᠠᠢ | ᠪᠠᠯᠭᠠᠰᠤ ᠶᠢᠨ ᠲᠥᠯᠥᠭᠡᠯᠡᠭᠴᠢᠳ ᠤᠨ ᠠᠩᠭᠢ ᠶᠢᠨ ᠬᠤᠭᠤᠷᠤᠨᠳᠤᠬᠢ ᠭᠤᠷᠪᠠᠳᠤᠭᠠᠷ ᠪᠠᠶᠢᠷᠢ ᠶᠢᠨ ᠲᠡᠮᠡᠴᠡᠭᠡᠨ | ᠣᠷᠢᠳᠠᠪᠡᠷ ᠡᠬᠢᠯᠡᠵᠦ᠂ ᠬᠤᠷᠴᠠ ᠰᠢᠷᠦᠭᠦᠨ ᠮᠥᠷᠦᠶᠢᠴᠡᠬᠡᠨ ᠢᠶᠠᠷ ᠲᠠᠮᠵᠢᠨ᠂ ᠬᠠᠨᠰᠦ᠋ᠮ᠎ᠡ ᠰᠤᠮᠤ ᠶᠢᠨ | ᠲᠥᠯᠥᠭᠡᠯᠡᠭᠴᠢᠳ ᠤᠨ ᠠᠩᠭᠢ ᠲᠣᠰ ᠤᠳᠠᠭᠠᠨ ᠤ ᠬᠤᠯᠪᠣᠭᠠᠲᠤ ᠤᠷᠣᠯᠳᠤᠭᠠᠨ ᠤ ᠭᠤᠳᠠᠭᠠᠷ ᠲᠤ ᠲᠤᠲᠣᠷᠠᠪᠠ᠃ | ᠲᠡᠷᠢᠭᠦᠨ ᠳᠡᠳ᠋ ᠢ ᠰᠢᠯᠭᠠᠷᠠᠭᠤᠯᠬᠤ ᠣᠷᠣᠯᠳᠤᠭᠠᠨ ᠠᠴᠠ ᠡᠮᠦᠨ᠎ᠡ᠂ ᠬᠠᠷᠢᠯᠴᠠᠨ ᠦᠢᠯᠡᠳᠤᠯᠴᠡᠬᠦ ᠭᠤᠭᠴᠤᠭ᠎ᠠ ᠪᠠᠷ | ᠦᠵᠡᠭᠴᠢᠳ ᠤᠯᠠᠨ ᠢᠳᠡᠪᠬᠢᠲᠡᠢ ᠪᠠᠷ ᠬᠥᠲᠦᠯᠦᠭᠴᠢ ᠯᠦᠭᠡ ᠬᠥᠳᠡᠯᠦᠯᠴᠡᠨ ᠦᠢᠯᠡᠳᠦᠯᠴᠡᠵᠦ᠂ ᠣᠷᠣᠯᠳᠤᠭᠠᠨ ᠤ | ᠬᠥᠭᠰᠡᠯ ᠪᠠ ᠡᠷᠴᠢ ᠬᠦᠴᠦᠨ ᠢ ᠬᠠᠮᠲᠤ ᠪᠠᠷ ᠮᠠᠳᠠᠷᠡᠪᠡ᠃ ᠳᠠᠷᠠᠭ᠎ᠠ ᠨᠢ᠂ ᠲᠣᠰ ᠣᠷᠣᠢ ᠶᠢᠨ ᠬᠤᠨᠳᠠᠭ᠎ᠠ ᠶᠢᠨ | ᠡᠵᠡᠨ ᠪᠣᠯᠢᠶᠡᠯᠴᠠᠬᠤ ᠤᠷᠤᠯᠳᠤᠭᠠᠨ ᠡᠬᠢᠯᠡᠵᠦ᠂ ᠱᠣᠤ ᠪᠠᠯᠭᠠᠰᠤ ᠶᠢᠨ ᠲᠥᠯᠥᠭᠡᠯᠡᠭᠴᠢᠳ ᠤᠨ ᠠᠩᠭᠢ ᠪᠠ ᠣᠤ | ᠮᠥᠷᠡᠨ ᠵᠡᠭᠡᠯᠢ ᠬᠤᠲᠤᠮᠵᠢ ᠶᠢᠨ ᠲᠥᠯᠥᠭᠡᠯᠡᠭᠴᠢᠳ ᠤᠨ ᠠᠩᠭᠢ ᠪᠦᠮᠪᠦᠭᠡ ᠮᠥᠷᠥᠶᠢᠴᠡᠨ ᠤᠷᠣᠯᠳᠤᠭᠰᠠᠨ ᠤ ᠳ᠋ᠦᠩ | ᠳᠤ᠂ ᠱᠤᠤ ᠪᠠᠯᠭᠠᠰᠤ ᠶᠢᠨ ᠲᠥᠯᠥᠭᠡᠯᠡᠭᠴᠢᠳ ᠤᠨ ᠠᠩᠭᠢ ᠠᠩᠬᠠᠳᠣᠭᠠᠷ ᠬᠤᠭᠤᠴᠠᠭᠠᠨ ᠤ ᠠᠷᠤ ᠬᠤᠷᠴᠢᠨ | ᠬᠤᠰᠢᠭᠤᠨ ᠤ ︽ᠳᠤᠮᠳᠠᠳᠤ ᠤᠯᠤᠰ ᠤᠨ ᠵᠦᠩ ᠬᠤᠸᠠ ᠬᠤᠨᠲᠠᠭᠠᠳᠤ︾ ᠭᠠᠴᠠᠭ᠎ᠠ ᠲᠣᠰᠬᠤᠨ ᠤ ᠲᠡᠰ ᠤᠨ | ᠰᠬᠠᠰᠣᠨ ᠪᠦᠮᠪᠦᠭᠡ ᠶᠢᠨ ᠬᠤᠯᠪᠣᠭᠠᠲᠤ ᠤᠷᠤᠯᠳᠤᠭᠠᠨ ᠤ ᠬᠤᠨᠳᠠᠭ᠎ᠠ ᠶᠢᠨ ᠡᠵᠡᠨ ᠢᠶᠠᠷ ᠳᠤᠲᠣᠷᠠᠯᠠ᠃ | | | | | | ᠡᠴᠦᠰ ᠤᠨ ᠰᠢᠢᠳᠪᠤᠷᠢᠲᠦ ᠤᠷᠤᠯᠳᠤᠭᠠᠨ ᠤ ᠳᠠᠷᠠᠭ᠎ᠠ ᠱᠠᠩᠨᠠᠯ ᠤᠯᠭᠤᠬᠤ ᠶᠣᠰᠣᠯᠠᠯ ᠶᠠᠪᠤᠭᠤᠯᠵᠤ᠂ | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠸᠠᠩ ᠶᠤᠸᠠᠨ ᠪᠢᠨ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠤᠨᠲ ᠤᠨ ᠬᠡᠯᠳᠡᠰ ᠤᠨ ᠳᠠᠷᠤᠭ᠎ᠠ ᠬᠠᠨ ᠵᠢᠶᠧ᠂ ᠬᠤᠰᠢᠭᠤᠨ ᠠᠷᠠᠳ ᠤᠨ ᠵᠠᠰᠠᠭ ᠤᠨ ᠣᠷᠳᠣᠨ ᠳᠡᠳ᠋ ᠳᠠᠷᠤᠭ᠎ᠠ | ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠮᠥᠩᠭᠦᠬᠠᠭᠤᠯᠠ ᠲᠣᠰ ᠲᠣᠰ ᠱᠠᠩᠨᠠᠯ ᠬᠦᠷᠲᠡᠭᠰᠡᠨ ᠲᠥᠷᠦᠭᠦᠦ | ᠲᠥᠯᠥᠭᠡᠯᠡᠭᠴᠢᠳ ᠤᠨ ᠠᠩᠭᠢ ᠪᠠ ᠬᠠᠮᠤᠭ ᠤᠨ ᠰᠢᠯᠢᠳᠡᠭ ᠲᠡᠮᠢᠷᠴᠢᠨ ᠠᠰᠠᠷ ᠲᠤ ᠱᠠᠩᠨᠠᠯ ᠣᠯᠭᠤᠬᠤ ᠶᠢᠨ ᠬᠠᠮᠲᠤ᠂ | ᠴᠢᠪᠠᠭ᠎ᠠ ᠪᠠᠯᠭᠠᠰᠤ ᠪᠠ ᠬᠤᠨᠳᠤ ᠪᠠᠯᠭᠠᠰᠤ ᠳᠤ ᠣᠶᠤᠨ ᠤ ᠪᠣᠯᠪᠠᠰᠤᠨ ᠤ ᠱᠠᠩᠨᠠᠯ ᠪᠠ ᠬᠠᠮᠤᠭ ᠤᠨ ᠰᠢᠯᠢᠳᠡᠭ | ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠲᠡᠭᠡᠪᠡ᠃ | | | | | | ᠲᠣᠰ ᠤᠳᠠᠭᠠᠨ ᠤ ᠭᠠᠴᠠᠭ᠎ᠠ ᠲᠣᠰᠬᠤᠨ ᠤ ᠲᠡᠰ ᠤᠨ ᠰᠠᠭᠰᠤᠨ ᠪᠦᠮᠪᠦᠭᠡ ᠶᠢᠨ ᠬᠤᠯᠪᠣᠭᠠᠲᠤ | ᠤᠷᠣᠯᠳᠤᠭᠠᠨ ᠢ ᠠᠮᠵᠢᠯᠲᠠ ᠲᠠᠢ ᠶᠠᠪᠤᠭᠳᠠᠭᠤᠯᠤᠭᠰᠠᠨ ᠨᠢ ᠲᠤᠬᠠᠢ ᠶᠢᠨ ᠭᠠᠵᠡᠷ ᠤᠨ ᠰᠠᠭᠰᠤᠨ ᠪᠦᠮᠪᠦᠭᠡ ᠶᠢᠨ | ᠪᠠᠭ᠋ᠠᠲᠠᠳ ᠲᠤ ᠠᠪᠢᠶᠠᠰ ᠴᠢᠳᠠᠪᠤᠷᠢ ᠪᠠᠨ ᠭᠠᠶᠢᠬᠠᠭᠤᠯᠬᠤ ᠲᠠᠪᠴᠠᠩ ᠬᠠᠩᠭᠠᠡᠡᠰᠡᠨ ᠢᠶᠠᠷ ᠪᠠᠷᠠᠬᠤ ᠦᠭᠡᠢ ᠮᠠᠨ ᠤ | ᠬᠤᠰᠢᠭᠤᠨ ᠤ ᠰᠠᠠᠭᠰᠤᠨ ᠪᠦᠮᠪᠦᠭᠡ ᠶᠢᠨ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠡᠯ ᠤᠨ ᠬᠦᠴᠦᠨ | ᠣᠯᠭᠤᠭᠰᠠᠨ ᠶᠤᠮ᠃ ᠡᠭᠦᠨ ᠤ ᠬᠠᠮᠲᠤ᠂ ᠲᠣᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠨ᠂ ᠢᠳᠡᠪᠬᠢ ᠡᠷᠡᠭᠦᠯ | ᠪᠡᠶ᠎ᠡ ᠶᠢᠨ ᠲᠡᠮᠢᠷ ᠤᠨ ᠰᠣᠶᠣᠯ ᠤᠨ ᠦᠢᠯᠠᠭᠠᠭᠳᠠᠬᠠᠳ ᠢ ᠤᠯᠠᠮᠵᠢᠯᠡᠵᠤ᠂ ᠬᠥᠳᠡᠭᠡ ᠲᠤᠰᠠᠠᠳ ᠢ ᠰᠣᠶᠣᠯ ᠢᠶᠠᠷ | ᠬᠥᠭᠵᠢᠭᠦᠯᠦᠨ ᠮᠠᠡᠳᠣᠭᠤᠯᠬᠤ ᠪᠠ ᠰᠣᠶᠣᠯ ᠵᠢᠭᠤᠯᠴᠢᠯᠠᠯ ᠪᠠᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠶᠢ | ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠤᠯᠠᠨ ᠲᠦᠮᠡᠨ ᠤ ᠣᠷᠣᠯᠴᠠᠭᠰᠠᠨ ᠲᠥᠷᠥᠭᠳᠡᠯ᠂ | ᠬᠥᠷᠳᠡᠮᠵᠢ ᠶᠢᠨ ᠳᠥᠷᠥᠭᠳᠡᠯ ᠪᠠ ᠵᠤᠯ ᠵᠢᠷᠭᠠᠯᠳᠦ ᠳᠥᠷᠥᠭᠳᠡᠯ ᠢ ᠦᠨᠡᠨᠬᠦ ᠨᠡᠮᠡᠭᠳᠡᠭᠦᠯᠬᠦ ᠨᠢ ᠲᠠᠮᠵᠢᠭ ᠦᠭᠡᠢ᠃ ︵ | ᠯᠢᠦ ᠰᠢᠨ ᠲᠢᠩ᠂ ᠣᠷᠭᠤᠮᠠᠯ︶ | | | |