ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠨᠠᠮ ᠢᠶᠠᠨ ᠲᠠᠭᠠᠨ ᠠᠯᠤᠰ ᠢ ᠵᠣᠷᠢᠵᠤ᠂ ᠰᠡᠳᠬᠢᠯ ᠵᠢᠷᠦᠬᠡ ᠪᠠᠨ ᠬᠤᠯᠪᠣᠨ ᠬᠥᠰᠡᠯ  ᠵᠡᠭᠦᠲᠦ  ᠪᠠᠨ  ᠬᠠᠮᠲᠦ  ᠪᠠᠷ  ᠳᠡᠷᠭᠡᠯᠰᠢᠭᠦᠯᠬᠦ︾  ᠭᠤᠣᠯ ᠰᠡᠳᠦᠪᠲᠦ ᠰᠤᠳᠤᠯᠤᠨ ᠰᠤᠷᠤᠯᠴᠠᠬᠤ ᠵᠤᠰᠠᠯᠠᠩ ᠤᠨ ᠠᠵᠢᠯᠯᠠᠭ᠎ᠠ ᠥᠷᠨᠢᠭᠦᠯᠪᠠ
ᠨᠡᠶᠢᠲᠡᠯᠡᠭᠰᠡᠨ ᠴᠠᠭ᠄
2024/8/9
       ᠣᠶᠢᠷ᠎ᠠ ᠶᠢᠨ ᠡᠳᠦᠷ᠂ ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠨᠠᠮ ᠢᠶᠠᠨ ᠲᠠᠭᠠᠨ ᠠᠯᠤᠰ ᠢ ᠵᠣᠷᠢᠵᠤ᠂ ᠰᠡᠳᠬᠢᠯ ᠵᠢᠷᠦᠬᠡ ᠪᠠᠨ ᠬᠤᠯᠪᠣᠨ ᠬᠥᠰᠡᠯ ᠵᠡᠭᠦᠲᠦ ᠪᠠᠨ ᠬᠠᠮᠲᠤ ᠪᠠᠷ ᠲᠡᠷᠭᠡᠯᠰᠢᠭᠦᠯᠬᠦ︾ ᠭᠤᠣᠯ ᠰᠡᠳᠦᠪᠲᠦ ᠰᠤᠳᠤᠯᠤᠨ ᠰᠤᠷᠤᠯᠴᠠᠬᠤ ᠵᠤᠰᠠᠯᠠᠩ ᠤᠨ ᠠᠵᠢᠯᠯᠠᠭ᠎ᠠ ᠦᠷᠨᠢᠭᠦᠯᠵᠤ᠂ ᠨᠡᠭᠦᠳᠡᠯ ᠮᠠᠯᠵᠢᠯ ᠤᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠠᠴᠠᠭ᠎ᠠ  ᠲᠣᠰᠬᠤᠨ ᠵᠡᠷᠭᠡ ᠪᠠᠷ ᠭᠦᠨᠵᠡᠭᠡᠶᠢᠷᠠᠨ᠂ ᠰᠤᠷᠤᠭᠴᠢᠳ ᠲᠤ ᠪᠠᠶᠢᠭᠠᠯᠢ ᠶᠢᠨ ᠥᠩᠭᠡ ᠦᠵᠡᠮᠵᠢ᠂ ᠤᠯᠠᠮᠵᠢᠯᠡᠯᠲᠦ ᠰᠣᠶᠣᠯ ᠢᠷᠭᠡᠨᠰᠢᠯ ᠪᠣᠯᠣᠨ ᠦᠢᠯᠡᠳᠪᠦᠷᠢᠯᠡᠯ ᠠᠮᠢᠳᠤᠷᠠᠯ ᠢ ᠪᠡᠶᠠᠴᠢᠯᠡᠨ ᠦᠢᠯᠠᠭᠠᠭᠤᠯᠵᠤ᠂  ᠦᠡᠳᠣᠰᠣᠳᠡᠨ ᠤ ᠰᠣᠶᠣᠯ ᠤᠨ ᠠᠭᠤᠰᠤᠯᠴᠠᠯ ᠬᠢᠭᠡᠳ ᠦᠨᠳᠦᠰᠦᠲᠡᠨ ᠤ ᠪᠦᠯᠬᠦᠮᠳᠡᠯ ᠳᠡᠪᠰᠢᠯᠲᠡ ᠶᠢᠨ ᠠᠭᠤᠤ ᠶᠡᠭᠡ ᠦᠢᠯᠡᠳᠦᠯᠭᠡ ᠶᠢ ᠣᠶᠢᠯᠠᠭᠠᠭᠤᠯᠬᠤ ᠶᠢᠨ ᠬᠠᠮᠲᠤ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠨᠢ ᠨᠡᠮᠡᠭᠳᠡᠭᠦᠯᠬᠦ ᠪᠠᠷ ᠵᠣᠷᠢᠪᠠ᠃ ᠲᠣᠰ ᠤᠳᠠᠭᠠᠨ ᠤ ᠠᠵᠢᠯᠯᠠᠭ᠎ᠠ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠲᠠᠪᠤᠨ ᠰᠤᠷᠭᠠᠭᠤᠯᠢ ᠶᠢᠨ ᠡᠯ᠎ᠡ ᠦᠨᠳᠦᠰᠦᠲᠡᠨ ᠤ 50 ᠭᠠᠷᠤᠢ ᠰᠤᠷᠤᠭᠴᠢᠳ ᠠᠵᠢᠯᠯᠠᠭ᠎ᠠ ᠳᠤ ᠣᠷᠣᠯᠴᠠᠪᠠ᠃
       ᠰᠤᠷᠤᠭᠴᠢᠳ ᠡᠩ ᠲᠡᠷᠢᠭᠦᠨ ᠳᠤ ᠠᠷᠦ ᠬᠤᠷᠴᠢᠨ ᠬᠤᠰᠢᠭᠤᠨ ᠮᠥᠽᠧᠢ ᠶᠢ ᠲᠤᠭᠤᠷᠢᠨ ᠦᠵᠡᠵᠦ᠂ ᠲᠤᠬᠠᠢ ᠶᠢᠨ ᠭᠠᠵᠠᠷ ᠤᠨ ᠢᠶᠠᠨ ᠲᠡᠦᠬᠡ ᠰᠣᠶᠣᠯ ᠪᠠ ᠦᠨᠳᠦᠰᠦᠲᠡᠨ ᠤ ᠵᠠᠩ ᠦᠢᠯᠡ ᠶᠢ ᠬᠦᠨᠵᠡᠭᠡᠢ ᠦᠢᠯᠠᠭᠠᠪᠠ᠃ ᠭᠠᠩᠭᠠᠳᠡᠢ ᠪᠠᠬ᠎ᠠ ᠰᠤᠷᠭᠠᠭᠤᠯᠢ ᠶᠢᠨ ᠬᠥᠳᠡᠯᠮᠦᠷᠢ ᠦᠢᠯᠡᠳᠦᠯᠭᠡ ᠶᠢᠨ ᠰᠠᠭᠤᠷᠢᠨ ᠭᠠᠵᠠᠷ ᠲᠤ᠂ ᠬᠥᠳᠡᠯᠮᠦᠷᠢ ᠶᠢᠨ ᠬᠠᠪᠤ ᠴᠡᠩᠭᠡᠯ ᠪᠠ ᠦᠨ᠎ᠡ ᠥᠷᠳᠡᠭ ᠢ ᠪᠠᠶᠡᠴᠢᠯᠡᠨ ᠥᠩᠭᠡᠷᠡᠭᠦᠯᠦᠭᠰᠡᠨ ᠪᠥᠭᠡᠳ ᠲᠡᠷᠢᠶᠠᠯᠠᠬᠤ ᠰᠣᠶᠣᠯ ᠤᠨ ᠲᠤᠬᠠᠢ ᠰᠠᠶᠢᠲᠦᠷ ᠣᠶᠢᠯᠠᠭᠠᠪᠠ᠃
       ᠰᠣᠷᠤᠭᠴᠢᠳ ᠪᠠᠶ᠋ᠬᠠᠦ᠋ᠡᠳᠣᠷ ᠰᠤᠮᠤ ᠶᠢᠨ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠣᠯᠠᠮᠵᠢᠯᠡᠨ ᠵᠠᠯᠭᠠᠮᠵᠢᠯᠠᠬᠤ ᠰᠠᠭᠤᠷᠢᠨ ᠭᠠᠵᠡᠷ ᠲᠤ᠂ ᠬᠠᠰᠠᠭ ᠲᠡᠷᠭᠡ ᠦᠢᠯᠡᠳᠬᠦ ᠶᠠᠪᠤᠴᠠ ᠶᠢ ᠣᠶᠢᠷ᠎ᠠ ᠠᠴᠠ ᠬᠠᠷᠠᠨ ᠰᠤᠷᠤᠯᠴᠠᠵᠤ ᠣᠶᠢᠯᠠᠭᠠᠪᠠ᠃ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ᠂ ᠴᠠᠭᠠᠨ ᠢᠳᠡᠭᠡ ᠬᠢᠬᠦ ᠶᠠᠪᠤᠴᠡ ᠳᠤ ᠪᠠᠶᠡᠴᠢᠯᠠᠨ ᠣᠷᠣᠯᠴᠠᠵᠤ ᠥᠪᠡᠷ ᠤᠨ ᠭᠠᠷ ᠢᠶᠠᠷ ᠢᠶᠠᠨ ᠬᠢᠭᠰᠡᠨ ᠴᠠᠭᠠᠨ ᠢᠳᠡᠭᠡ ᠪᠠᠨ ᠠᠮᠲᠠᠯᠠᠵᠤ ᠪᠡᠶᠠᠷ ᠪᠠᠭ᠋ᠠᠳᠣᠯ ᠣᠯᠪᠠ᠃
       ᠲᠥᠷᠦᠭᠦᠦ ᠡᠳᠦᠷ ᠤᠨ ᠬᠢᠨᠢ ᠪᠦᠷᠦᠢ ᠶᠢᠨ ᠦᠶ᠎ᠡ ᠪᠠᠷ᠂ ᠭᠤᠭᠤᠰᠣᠳᠡᠢ ᠬᠠᠨ ᠠᠭᠤᠯᠠ ᠤᠯᠤᠰ ᠤᠨ ᠲᠠᠰ  ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ᠂ ᠨᠢᠭᠡ ᠤᠳᠠᠭᠠᠨ ᠤ ᠥᠪᠡᠷᠮᠢᠴᠡ ᠣᠡᠴᠠᠯᠢᠭ ᠲᠠᠢ ᠲᠦᠳᠡᠭ ᠭᠠᠯ ᠤᠨ ᠦᠳᠡᠰᠢᠯᠡᠭᠡ ᠡᠷᠭᠢᠯᠡᠨ ᠶᠠᠪᠤᠭᠳᠠᠭᠤᠯᠵᠤ᠂ ᠳᠠᠭᠤᠤ ᠪᠦᠵᠢᠭ᠂ ᠤᠷᠠᠨ ᠣᠩᠰᠢᠯᠭ᠎ᠠ ᠵᠡᠷᠭᠡ ᠤᠯᠠᠨ ᠵᠦᠢᠯ ᠤᠨ ᠬᠡᠯᠪᠡᠷᠢ ᠪᠠᠷ ᠦᠨᠳᠦᠰᠦᠲᠡᠨ ᠨᠦᠭᠦᠳ ᠤᠨ ᠰᠣᠶᠣᠯ ᠤᠨ ᠷᠢᠳᠢ ᠰᠢᠳᠢ ᠪᠠ ᠥᠪᠡᠷᠮᠢᠴᠡ ᠲᠠᠳᠠᠬᠤ ᠬᠦᠴᠦᠨ ᠢ ᠢᠯᠡᠷᠡᠭᠦᠯᠦᠨ᠂ ᠪᠠᠶᠠᠷ ᠪᠠᠶᠠᠰᠠᠬᠤᠯᠠᠩ ᠤᠨ ᠳᠤᠮᠲᠡ ᠦᠨᠳᠦᠰᠦᠲᠡᠨ ᠤ ᠪᠦᠯᠬᠦᠮᠳᠡᠯ ᠪᠣᠯᠦᠨ ᠨᠥᠬᠦᠷᠰᠡᠭ ᠬᠠᠷᠢᠯᠴᠠᠨ ᠬᠠᠪᠰᠤᠷᠤᠯᠴᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠪᠠ᠃        ᠠᠵᠢᠯᠯᠠᠭᠠᠨ ᠳᠤ ᠣᠨᠴᠠᠭᠠᠶᠢᠯᠠᠨ ᠳᠤᠷᠠᠳᠤᠭᠤᠰᠢᠲᠠᠢ ᠨᠢ᠂ ︽ᠳ᠋ᠤᠺᠲ᠋ᠣᠷ ᠡᠪᠦᠭᠡ︾ - ᠤᠯᠠᠭᠠᠡᠬᠠᠳᠠ ᠬᠤᠲᠠ ᠶᠢᠨ ᠤᠢ ᠰᠢᠭᠤᠢ ᠪᠠ ᠨᠤᠲᠤᠭ ᠪᠠᠯᠴᠢᠭᠡᠷ ᠤᠨ ᠲᠣᠪᠴᠢᠶ᠎ᠠ ᠶᠢᠨ ᠲᠡᠳ᠋ ᠳᠠᠷᠤᠭ᠎ᠠ ᠵᠠᠩ ᠱᠤ᠋ ᠯᠢ ᠠᠴᠠ ᠰᠤᠷᠤᠭᠴᠢᠳ ᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠮᠡᠳᠡᠯᠭᠡ ᠶᠢ ᠲᠠᠶᠢᠯᠪᠤᠷᠢᠯᠠᠨ ᠶᠠᠷᠢᠵᠤ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠡᠬᠡ ᠪᠠᠶᠢᠭᠠᠯᠢ ᠪᠠᠨ ᠬᠠᠮᠠᠭᠠᠯᠠᠬᠤ᠂ ᠰᠢᠨᠵᠢᠯᠡᠬᠦ ᠤᠬᠠᠭᠠᠨ ᠳᠤ ᠬᠠᠶᠢᠷᠠᠲᠠᠢ ᠪᠠᠶᠢᠬᠤ ᠤᠬᠠᠮᠰᠠᠷ ᠢ ᠪᠤᠢ ᠪᠣᠯᠭᠠᠪᠠ᠃ ᠳᠠᠶᠢᠯᠤᠮᠵᠢ ᠳᠠᠭᠤᠰᠤᠭᠰᠠᠨ ᠤ ᠳᠠᠷᠠᠭ᠎ᠠ᠂ ︽ᠳ᠋ᠤᠺᠲ᠋ᠤᠷ ᠡᠪᠦᠭᠡ︾ ᠪᠠᠰᠠ ᠰᠤᠷᠤᠭᠴᠢᠳ ᠢ ᠳᠠᠭᠠᠭᠤᠯᠤᠨ ᠰᠦᠨᠢ ᠪᠠᠷ ᠣᠳᠣᠨ ᠮᠡᠴᠢᠳ ᠢ ᠰᠣᠨᠢᠷᠠᠭᠵᠤ᠂ ᠣᠷᠴᠢᠯᠠᠩ ᠤᠨ ᠭᠦᠨ ᠨᠢᠭᠤᠴᠠᠭᠠᠢ ᠶᠢ ᠣᠶᠢᠯᠠᠭᠠᠭᠤᠯᠬᠤ ᠶᠢᠨ ᠬᠠᠮᠲᠤ᠂ ᠪᠢᠳᠠᠨ ᠤ ᠣᠷᠣᠰᠢᠨ ᠠᠮᠢᠳᠤᠷᠠᠵᠤ ᠪᠠᠶᠢᠭ᠎ᠠ ᠭᠡᠷ ᠣᠷᠣᠨ ᠲᠠᠡᠯᠡᠬᠡᠢ  ᠶᠢᠨ ᠪᠦᠮᠪᠤᠷᠴᠡᠭ ᠢᠶᠠᠨ ᠨᠠᠨᠳᠢᠩᠨᠠᠨ ᠬᠠᠮᠠᠭᠠᠯᠠᠬᠤ ᠶᠢᠨ ᠴᠢᠬᠤᠯᠠ ᠴᠢᠨᠠᠷ ᠢ ᠮᠡᠳᠡᠷᠡᠭᠦᠯᠪᠡ᠃
       ᠠᠵᠢᠯᠯᠠᠭᠠᠨ ᠤ ᠬᠤᠶᠠᠳᠤᠭᠠᠷ ᠡᠳᠦᠷ᠂ ︽ᠳ᠋ᠤᠺᠲ᠋ᠣᠷ ᠡᠪᠦᠭᠡ︾ ᠪᠠᠰᠠ ᠰᠤᠷᠤᠭᠴᠢᠳ ᠲᠤ ᠪᠡᠷ᠎ᠡ ᠪᠣᠯᠵᠤ ᠭᠤᠭᠤᠰᠣᠳᠡᠢ ᠬᠠᠨ ᠠᠭᠤᠯᠠ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠵᠡᠭᠦᠯᠭᠡ  ᠶᠢᠨ ᠣᠷᠳᠣᠨ ᠢ ᠲᠣᠭᠤᠷᠢᠨ ᠦᠵᠡᠭᠰᠡᠨ ᠪᠥᠭᠡᠳ ᠲᠡᠳᠡᠨ ᠢ ᠳᠠᠭᠠᠭᠤᠯᠤᠨ ᠬᠠᠮᠠᠭᠠᠯᠠᠯᠲᠠ ᠶᠢᠨ ᠣᠷᠣᠨ ᠳᠤ ᠬᠦᠨᠵᠡᠭᠡᠶᠢᠷᠠᠨ ᠬᠠᠮᠲᠤᠪᠠᠷ ᠡᠬᠡ ᠪᠠᠶᠢᠭᠠᠯᠢ ᠶᠢᠨ ᠨᠢᠭᠤᠴᠠ ᠶᠢ ᠬᠠᠶᠢᠪᠠ᠃ ︽ᠳ᠋ᠤᠺᠲ᠋ᠤᠷ ᠡᠪᠦᠭᠡ︾ ᠭᠤᠭᠤᠰᠣᠳᠡᠢ ᠬᠠᠨ ᠠᠭᠤᠯᠠ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠳᠣ ᠪᠠᠶᠢᠭ᠎ᠠ ᠡᠯ᠎ᠡ ᠵᠦᠢᠯ  ᠤᠨ ᠤᠷᠭᠤᠮᠠᠯ ᠪᠠ ᠠᠮᠢᠳᠠᠨ ᠤ ᠲᠤᠬᠠᠢ ᠬᠥᠯᠢᠴᠡᠩᠭᠦᠢ ᠪᠠᠷ ᠲᠠᠶᠢᠯᠪᠤᠷᠢᠯᠠᠵᠤ᠂ ᠰᠤᠷᠣᠭᠴᠢᠳ ᠲᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠭᠤᠮᠠᠯ ᠤᠨ ᠬᠤᠴᠢᠯᠭ᠎ᠠ ᠶᠢᠨ ᠪᠠᠶᠢᠳᠡᠯ ᠪᠠ ᠪᠠᠶᠢᠭᠠᠯᠢ ᠶᠢᠨ ᠬᠠᠮᠠᠭᠠᠯᠠᠯᠳᠡ ᠶᠢᠨ ᠴᠢᠬᠤᠯᠠ ᠴᠢᠨᠠᠷ ᠢ ᠨᠠᠩ ᠬᠦᠨᠵᠡᠭᠡᠢ ᠣᠶᠢᠯᠠᠭᠠᠭᠤᠯᠣᠨ᠂ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠨᠢ ᠤᠯᠠᠮ ᠨᠢᠭᠡ ᠠᠯᠠᠬᠤᠮ ᠴᠢᠩᠭᠠᠣᠡᠬᠠᠵᠠᠢ᠃ ᠵᠠᠯᠭᠠᠭᠠᠳ ᠰᠤᠷᠤᠭᠴᠢᠳ ᠪᠥᠬᠦ ᠪᠦᠮᠪᠤᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ ᠴᠢᠬᠤᠯᠠ ᠰᠣᠶᠣᠯ ᠤᠨ ᠦᠪ ᠪᠣᠯᠬᠤ ᠠᠷᠤ ᠬᠤᠷᠴᠢᠨ ᠤ ᠲᠠᠯ᠎ᠠ ᠨᠣᠳᠤᠭ ᠤᠨ ᠨᠡᠭᠦᠳᠡᠯ ᠮᠠᠯᠵᠢᠯ ᠤᠨ ᠰᠢᠰᠲ᠋ᠧᠮ ᠤᠨ ᠭᠤᠣᠯ ᠣᠷᠣᠨ ᠳᠤ ᠬᠦᠷᠴᠦ᠂ ᠦᠵᠡᠰᠭᠦᠯᠡᠩᠳᠤ ᠰᠠᠶᠢᠬᠠᠨ ᠲᠠᠯ᠎ᠠ ᠨᠣᠳᠤᠭ ᠤᠨ ᠥᠩᠭᠡ ᠦᠵᠡᠮᠵᠢ  ᠶᠢ ᠰᠣᠨᠢᠷᠬᠠᠵᠤ᠂ ᠨᠡᠭᠦᠳᠡᠯ ᠮᠠᠯᠵᠢᠯ ᠤᠨ ᠰᠣᠶᠣᠯ ᠤᠨ ᠥᠪᠡᠷᠮᠢᠴᠠ ᠷᠢᠳᠢ ᠰᠢᠳᠢ ᠶᠢ ᠪᠠᠶᠠᠴᠢᠯᠠᠨ ᠣᠶᠢᠯᠠᠭᠠᠬᠤ ᠶᠢᠨ ᠬᠠᠮᠲᠤ᠂ ᠬᠥᠮᠥᠨ ᠪᠠ ᠪᠠᠶᠢᠭᠠᠯᠢ ᠶᠢᠨ ᠡᠶ᠎ᠡ ᠵᠣᠬᠢᠴᠡᠩᠭᠤᠢ ᠬᠠᠮᠲᠤ ᠣᠷᠣᠰᠢᠬᠤ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠪᠠ᠃
       ᠰᠣᠷᠣᠡᠡᠴᠢᠤᠨ ᠠᠴᠠ ᠲᠣᠰ ᠣᠳᠠᠭᠠᠨ ᠤ ᠠᠵᠢᠯᠯᠠᠭ᠎ᠠ ᠳᠤᠮᠲᠠ ᠣᠯᠣᠭᠰᠠᠨ ᠣᠯᠣᠯᠲᠠ ᠲᠥᠷᠦᠭᠳᠡᠯ ᠢᠶᠠᠨ ᠡᠳᠦᠷ ᠲᠤᠳᠤᠮ ᠤᠨ ᠰᠣᠷᠣᠯᠴᠠᠯᠭ᠎ᠠ ᠪᠠ ᠠᠮᠢᠳᠤᠷᠠᠯ ᠳᠠᠭᠠᠨ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠲᠡᠪᠰᠢᠯᠲᠡ ᠪᠠ ᠠᠮᠢ ᠠᠨ᠋ᠤᠢ ᠶᠢᠨ ᠪᠣᠯᠪᠠᠰᠤᠨ ᠤ ᠪᠠᠶᠢᠭᠤᠯᠤᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠡᠯ ᠢᠶᠠᠨ ᠡᠷᠭᠦᠨ᠎ᠡ ᠭᠡᠵᠦ ᠵᠣᠷᠢᠭ ᠢᠶᠠᠨ ᠢᠯᠡᠳᠬᠡᠵᠡᠭᠡᠨ᠎ᠡ᠃        ᠲᠣᠰ ᠤᠳᠠᠭᠠᠨ ᠤ ᠰᠤᠳᠤᠯᠤᠨ ᠰᠤᠷᠤᠯᠴᠠᠬᠤ ᠵᠤᠰᠠᠯᠠᠩ ᠤᠨ ᠠᠵᠢᠯᠯᠠᠭ᠎ᠠ ᠨᠢ ᠨᠢᠭᠡ ᠤᠳᠠᠭᠠᠨ ᠤ ᠰᠡᠯᠡᠭᠦᠴᠡᠯ ᠵᠢᠭᠤᠯᠴᠢᠯᠠᠯ ᠪᠣᠯᠤᠭᠰᠠᠨ ᠢᠶᠠᠷ ᠪᠠᠷᠠᠬᠤ ᠦᠭᠡᠢ ᠨᠡᠩ ᠴᠦ ᠭᠦᠨ ᠭᠦᠨᠵᠡᠭᠡᠢ ᠦᠵᠡᠯ ᠰᠠᠨᠠᠭᠠᠨ ᠤ ᠬᠥᠮᠦᠵᠢᠯ ᠪᠠ ᠦᠨᠳᠦᠰᠦᠲᠡᠨ ᠤ ᠪᠦᠯᠬᠦᠮᠳᠡᠯ ᠳᠡᠪᠰᠢᠯᠲᠡ ᠶᠢᠨ ᠦᠢᠯᠡᠳᠦᠯᠭᠡ ᠶᠢᠨ ᠠᠵᠢᠯᠯᠠᠭ᠎ᠠ ᠪᠣᠯᠵᠤ᠂ ᠰᠤᠷᠣᠭᠴᠢᠳ ᠢ ᠪᠠᠶᠠᠴᠢᠯᠠᠨ ᠣᠶᠢᠯᠠᠭᠠᠭᠤᠯᠬᠤ ᠪᠠᠷ ᠳᠠᠮᠵᠢᠨ᠂ ᠳᠤᠮᠳᠠᠳᠤ ᠶᠢᠨ ᠦᠨᠳᠦᠰᠦᠲᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠢᠳᠡᠭᠡᠯ ᠵᠣᠷᠢᠭ ᠢ ᠨᠢ ᠨᠡᠮᠡᠭᠳᠡᠭᠦᠯᠬᠦ ᠶᠢᠨ ᠬᠠᠮᠲᠤ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠨᠢ ᠶᠡᠬᠡᠪᠡᠷ ᠳᠡᠭᠡᠭᠰᠢᠯᠡᠭᠦᠯᠪᠡ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号