ᠲᠢᠶᠠᠨ ᠶᠤᠸᠠᠨ ᠶᠡᠭᠡ ᠵᠡᠭᠡᠯᠢ ᠶᠢᠨ ᠳᠥᠷᠪᠡᠳᠦᠭᠡᠷ ᠱᠠᠲᠤᠨ ᠤ ᠪᠠᠷᠢᠯᠭ᠎ᠠ ᠶᠢᠨ ᠠᠵᠢᠯ ᠤᠨ ᠵᠠᠮ ᠤᠨ ᠬᠡᠰᠡᠭ ᠤᠨ ᠳᠠᠶᠢᠯᠪᠤᠷᠢ ᠵᠢᠷᠤᠭ
ᠨᠡᠶᠢᠲᠡᠯᠡᠭᠰᠡᠨ ᠴᠠᠭ᠄
2024/9/10
       ᠲᠢᠶᠠᠨ ᠶᠤᠸᠠᠨ ᠶᠡᠭᠡ ᠵᠡᠭᠡᠯᠢ ᠶᠢᠨ ᠪᠢᠳᠡᠭᠦᠮᠵᠢᠯᠡᠭᠰᠡᠨ ᠪᠠᠷᠢᠯᠭ᠎ᠠ ᠶᠢᠨ ᠠᠵᠢᠯ ᠤᠨ ᠳᠥᠷᠪᠡᠳᠦᠭᠡᠷ ᠱᠠᠲᠤ᠄ ᠡᠳ᠋ ᠤᠨ ᠵᠠᠰᠠᠭ ᠤᠨ ᠲᠣᠪᠴᠢᠶ᠎ᠡ ᠶᠢᠨ ᠠᠭᠤᠯᠵᠡᠷ ᠭᠡᠰᠡᠭ ᠢᠶᠠᠷ ᠡᠬᠢᠯᠡᠯᠳᠡ ᠶᠢᠨ ᠴᠡᠭ ᠪᠣᠯᠭᠠᠨ  ᠰᠢᠨ᠎ᠡ ᠪᠠᠷᠡᠬ᠋ᠳ ᠬᠦᠬᠦᠷᠭᠡ ᠶᠢᠨ ᠵᠡᠭᠦᠨ ᠲᠠᠯ᠎ᠡ ᠪᠠᠷ ᠲᠡᠭᠦᠰᠭᠡᠯ ᠤᠨ ᠴᠡᠭ ᠪᠣᠯᠭᠠᠵᠤ᠂ ᠪᠠᠷᠤᠭ 10 ᠡᠳᠤᠷ ᠤᠨ ᠬᠤᠭᠤᠴᠠᠭ᠎ᠠ ᠲᠠᠢ ᠪᠠᠷᠢᠯᠭ᠎ᠠ ᠶᠢᠨ ᠠᠵᠢᠯ ᠬᠢᠨ᠎ᠠ᠃ ᠪᠠᠷᠢᠯᠭ᠎ᠠ ᠶᠢᠨ ᠬᠤᠭᠤᠴᠠᠭᠠᠨ ᠳᠤ ᠨᠠᠭᠠᠰᠢ ᠴᠠᠭᠠᠰᠢ ᠶᠠᠪᠤᠬᠤ ᠲᠡᠷᠭᠡ ᠬᠦᠰᠭᠡ ᠵᠠᠮ ᠱᠣᠭᠤᠮ ᠢᠶᠠᠨ ᠦᠭᠡᠷᠡᠴᠢᠯᠡᠵᠦ ᠲᠣᠭᠤᠷᠢᠨ ᠦᠩᠭᠡᠷᠡᠭᠡᠷᠠᠢ᠃
       ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ᠂ ᠲᠣᠰ ᠭᠡᠰᠡᠭ ᠵᠠᠮ ᠢᠶᠠᠷ ᠶᠠᠪᠤᠨ ᠦᠩᠭᠡᠷᠡᠬᠦ ᠲᠡᠷᠭᠡ ᠬᠦᠰᠭᠡ ᠪᠣᠯᠣᠨ ᠶᠠᠪᠠᠭᠠᠨ ᠬᠥᠮᠤᠨ ᠬᠠᠮᠢᠶ᠎ᠡ ᠪᠦᠬᠦᠢ ᠰᠠᠨᠠᠭᠤᠯᠤᠮᠵᠢ ᠶᠢ ᠠᠩᠬᠠᠷᠴᠣ᠂ ᠪᠣᠯᠪᠠᠰᠣᠨ ᠢᠶᠠᠷ ᠲᠡᠷᠭᠡ ᠪᠠᠷᠢᠭᠠᠷᠠᠢ᠃ ᠲᠤᠭᠤᠷᠢᠵᠤ ᠶᠠᠪᠤᠬᠤ ᠲᠡᠷᠭᠡ ᠬᠦᠰᠭᠡ ᠵᠠᠮ ᠬᠠᠷᠢᠯᠴᠠᠭᠠᠨ ᠤ ᠬᠠᠮᠢᠶᠡᠷᠤᠯᠲᠠ ᠶᠢᠨ ᠰᠠᠯᠠᠭ᠎ᠠ ᠮᠥᠴᠢᠷ ᠵᠢᠴᠢ ᠪᠦᠲᠦᠭᠡᠨ ᠪᠠᠶᠢᠭᠤᠯᠤᠯᠲᠡ ᠶᠢᠨ ︵ᠪᠠᠷᠢᠯᠭ᠎ᠠ ᠶᠢᠨ ᠠᠵᠢᠯ ᠤᠨ︶ ᠨᠢᠭᠡᠴᠡ ᠶᠢᠨ  ᠨᠢᠭᠡᠳᠣᠯᠳᠡᠢ ᠵᠢᠯᠤᠭᠤᠳᠤᠯᠭ᠎ᠠ ᠶᠢ ᠳᠠᠭᠠᠵᠤ᠂ ᠵᠠᠮ ᠬᠠᠷᠢᠯᠴᠠᠭᠠᠨ ᠤ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠣᠮᠯᠡᠨ᠂ ᠠᠶᠠᠯᠠᠯ ᠤᠨ ᠵᠠᠮ ᠱᠣᠭᠤᠮ ᠢᠶᠠᠨ ᠤᠷᠢᠳᠴᠢᠯᠠᠨ ᠲᠦᠯᠤᠪᠵᠢᠭᠦᠯᠦᠭᠡᠷᠠᠢ᠃ ᠪᠠᠷᠢᠯᠭ᠎ᠠ ᠶᠢᠨ ᠠᠵᠢᠯ ᠤᠨ ᠪᠤᠰᠤ ᠲᠡᠷᠭᠡ ᠬᠦᠰᠭᠡ ᠪᠠᠷᠢᠯᠭ᠎ᠠ ᠶᠢᠨ ᠠᠵᠢᠯ ᠤᠨ ᠪᠢᠳᠡᠭᠦᠮᠵᠢᠯᠡᠭᠰᠡᠨ ᠵᠠᠮ ᠤᠨ ᠭᠡᠰᠡᠭ ᠲᠤ ᠣᠷᠣᠬᠤ ᠪᠤᠶᠤ ᠲᠣᠷ᠎ᠠ ᠪᠠᠷ ᠲᠡᠷᠭᠡ ᠵᠣᠭᠰᠣᠭᠠᠵᠤ ᠪᠣᠯᠬᠤ ᠦᠭᠡᠢ᠃ ᠵᠠᠮ ᠵᠠᠰᠠᠬᠤ ᠠᠵᠢᠯ ᠨᠢ ᠡᠷᠬᠢᠨ ᠲᠣᠭᠤᠷᠢᠨ ᠤ ᠪᠠᠶᠢᠭᠤᠯᠭ᠎ᠠ ᠨᠢᠭᠡᠴᠠ ᠪᠠ ᠬᠤᠪᠢ ᠬᠦᠮᠤᠨ ᠤ ᠶᠠᠪᠤᠵᠤ ᠰᠠᠭᠤᠬᠤ ᠲᠠᠯ᠎ᠠ ᠪᠠᠷ ᠲᠦᠭᠦᠮ ᠪᠣᠰᠤ ᠠᠪᠴᠢᠷᠠᠬᠤ ᠲᠤᠯᠠ ᠠᠭᠤᠴᠢᠯᠡᠯ ᠭᠤᠶᠣᠵᠤ ᠲᠠᠮᠵᠢᠯᠭᠡ ᠦᠵᠡᠬᠦᠯᠬᠦ ᠶᠢ ᠬᠦᠰᠡᠵᠤ ᠪᠠᠶᠢᠨ᠎ᠠ᠃                         ᠠᠷᠤ ᠬᠤᠷᠴᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ                         ᠠᠷᠤ ᠬᠤᠷᠴᠢᠨ ᠬᠤᠰᠢᠭᠤᠨ ᠤ ᠲᠣᠳᠣᠭᠠᠲᠤ ᠶᠢ ᠬᠠᠮᠠᠭᠠᠯᠠᠬᠤ ᠲᠣᠪᠴᠢᠶ᠎ᠠ ᠶᠢᠨ                         ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ                         2024 ᠣᠨ ᠤ 9 ᠰᠠᠷ᠎ᠠ ᠶᠢᠨ 9 ᠤ ᠡᠳᠤᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号