9 ᠰᠠᠷ᠎ᠠ ᠶᠢᠨ 7 ᠤ ᠡᠳᠤᠷ᠂ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠮᠢᠩ ᠶᠠᠩ ᠰᠢᠨ᠎ᠡ | ᠡᠨᠧᠷᠬᠢ ᠶᠢᠨ ᠪᠡᠯᠡ ᠣᠷᠣᠭᠤᠯᠤᠯᠲᠠ ᠶᠢᠨ ᠬᠤᠪᠢ ᠡᠵᠡᠮᠲᠡᠭᠰᠡᠨ ᠪᠦᠯᠤᠭ᠍ᠯᠡᠯ ᠲᠠᠢ ᠠᠮᠢᠳᠤ ᠤᠷᠭᠠᠨᠢᠭ ᠪᠣᠳᠠᠰ ᠪᠠ | ᠰᠢᠨ᠎ᠡ ᠡᠨᠧᠷᠬᠢ ᠶᠢᠨ ᠠᠵᠤ ᠣᠶᠢᠯᠡᠰ ᠤᠨ ᠬᠥᠭᠵᠢᠯᠲᠠ ᠶᠢᠨ ᠲᠤᠬᠠᠢ ᠠᠷᠠᠯᠵᠢᠶᠠᠴᠢᠨ ᠤᠷᠢᠬᠤ ᠬᠡᠯᠡᠯᠴᠠᠭᠡᠷ ᠬᠢᠪᠡ᠃ | ᠬᠤᠰᠢᠭᠤᠨ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ᠂ ᠮᠢᠩ ᠶᠠᠩ ᠰᠢᠨ᠎ᠡ | ᠡᠨᠧᠷᠬᠢ ᠶᠢᠨ ᠪᠡᠯᠠ ᠣᠷᠣᠭᠤᠯᠤᠯᠲᠠ ᠶᠢᠨ ᠬᠤᠪᠢ ᠡᠵᠡᠮᠲᠡᠭᠰᠡᠨ ᠪᠦᠯᠤᠭ᠍ᠯᠡᠯ ᠤᠨ ᠬᠠᠮᠳᠣᠷᠬᠠᠰᠡᠨ ᠬᠡᠷᠡᠭ | ᠮᠡᠳᠡᠭᠴᠢᠳ ᠤᠨ ᠳᠠᠷᠤᠭ᠎ᠠ ᠸᠠᠩ ᠬᠠᠢ ᠲᠣᠣ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠵᠠᠰᠠᠭ ᠤᠨ ᠤᠷᠳᠤᠨ ᠤ ᠪᠠᠶᠢᠩᠭᠤ ᠶᠢᠨ ᠲᠡᠳ᠋ ᠳᠠᠷᠤᠭ᠎ᠠ ᠵᠢᠶᠠ ᡁᠢ ᠬᠤᠩ᠂ ᠬᠤᠰᠢᠭᠤᠨ ᠵᠠᠰᠠᠭ ᠤᠨ ᠣᠷᠳᠤᠨ ᠤ | ᠳᠡᠳ᠋ ᠳᠠᠷᠤᠭ᠎ᠠ ᠶᠠᠨ ᠰᠢᠣᠸᠠᠢ ᠲᠣᠣ ᠬᠤᠷᠠᠯ ᠳᠤ ᠣᠷᠣᠯᠴᠠᠵᠠᠢ᠃ | | | | ᠬᠤᠷᠠᠯ ᠲᠡᠭᠡᠷ᠎ᠡ᠂ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠤᠨ ᠠᠮᠢᠲᠤ ᠤᠷᠭᠠᠨᠢᠭ ᠪᠤᠳᠠᠰ᠂ | ᠰᠢᠨ᠎ᠡ ᠡᠨᠧᠷᠬᠢ ᠶᠢᠨ ᠰᠤᠷᠪᠤᠯᠵᠢ ᠵᠢᠴᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠬᠡᠭᠡᠨ ᠠᠰᠢᠭᠯᠠᠭᠰᠠᠨ | ᠬᠤᠯᠪᠤᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠮᠢᠩ ᠶᠠᠩ ᠰᠢᠨ᠎ᠡ ᠡᠨᠧᠷᠬᠢ ᠶᠢᠨ ᠰᠤᠷᠪᠤᠯᠵᠢ ᠶᠢᠨ ᠪᠡᠯᠡ | ᠣᠷᠣᠭᠤᠯᠤᠯᠲᠠ ᠶᠢᠨ ᠬᠤᠪᠢ ᠡᠵᠡᠮᠲᠡᠭᠰᠡᠨ ᠪᠦᠯᠣᠭ᠍ᠯᠡᠯ ᠠᠵᠤ ᠠᠬᠤᠶᠢᠯᠠᠯ ᠤᠨ ᠲᠤᠶᠢᠮᠤ ᠪᠠᠶᠢᠳᠠᠯ ᠵᠢᠴᠢ | ᠬᠠᠮᠳᠤᠷᠠᠯᠴᠠᠭᠠᠨ ᠤ ᠰᠠᠨᠠᠮᠵᠢ ᠶᠢ ᠲᠠᠨᠢᠯᠴᠠᠭᠤᠯᠵᠤ᠂ ᠬᠤᠷᠠᠯ ᠳᠤ ᠣᠷᠤᠯᠴᠠᠭᠰᠠᠳ ᠬᠠᠮᠳᠤᠷᠠᠯᠴᠠᠭᠠᠨ ᠤ ᠠᠷᠭ᠎ᠠ | ᠮᠠᠶ᠋ᠢᠭ᠂ ᠲᠦᠯᠤᠪᠵᠢᠭᠦᠯᠭᠡ ᠪᠠᠶᠢᠷᠢᠯᠠᠭᠤᠯᠤᠯᠲᠠ᠂ ᠪᠦᠲᠤᠭᠡᠨ ᠪᠠᠶᠢᠭᠤᠯᠤᠯᠲᠠ ᠶᠢᠨ ᠠᠭᠤᠯᠭ᠎ᠠ ᠵᠡᠷᠭᠡ ᠶᠢᠨ | ᠲᠣᠭᠤᠷᠢᠨ ᠳᠤ ᠰᠠᠨᠠᠯ ᠢᠶᠠᠨ ᠭᠦᠨᠵᠡᠭᠡᠢ ᠰᠤᠯᠢᠯᠴᠠᠪᠠ᠃ | | | | ᠴᠧᠨ ᠬᠤ᠋ ᠨᠠᠨ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠥᠭᠡᠯᠡᠨ ᠮᠢᠩ ᠶᠠᠩ | ᠰᠢᠨ᠎ᠡ ᠡᠨᠧᠷᠬᠢ ᠶᠢᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠭᠰᠡᠨ ᠪᠦᠯᠤᠭ᠍ᠯᠡᠯ ᠤᠨ ᠮᠠᠨ ᠤ ᠬᠤᠰᠢᠭᠤᠨ ᠳᠤ | ᠬᠦᠷᠤᠯᠴᠠᠨ ᠢᠷᠡᠭᠰᠠᠨ ᠳᠤ ᠪᠠᠶᠠᠷᠯᠠᠨ ᠣᠭᠲᠤᠵᠤ ᠪᠠᠶᠢᠬᠤ ᠪᠠᠨ ᠢᠯᠡᠳᠭᠡᠬᠦ ᠶᠢᠨ ᠬᠠᠮᠲᠤ᠂ ᠮᠢᠩ ᠶᠠᠩ ᠰᠢᠨ᠎ᠡ | ᠡᠨᠧᠷᠬᠢ ᠶᠢᠨ ᠪᠡᠯᠡ ᠣᠷᠣᠭᠤᠯᠤᠯᠲᠠ ᠶᠢᠨ ᠬᠤᠪᠢ ᠡᠵᠡᠮᠲᠡᠭᠰᠡᠨ ᠪᠦᠯᠤᠭ᠍ᠯᠡᠯ ᠨᠢ ᠮᠠᠨ ᠤ ᠤᠯᠤᠰ ᠤᠨ 500 | ᠬᠦᠴᠦᠷᠬᠡᠭ ᠠᠵᠤ ᠠᠬᠤᠶᠢᠯᠡᠯ ᠤᠨ ᠨᠢᠭᠡ ᠮᠥᠷᠲᠡᠭᠡᠨ ᠪᠦᠬᠦ ᠪᠦᠮᠪᠦᠷᠴᠡᠭ ᠤᠨ ᠰᠢᠨ᠎ᠡ ᠡᠨᠧᠷᠬᠢ ᠶᠢᠨ 500 | ᠬᠦᠴᠦᠷᠬᠡᠭ ᠠᠵᠤ ᠠᠬᠤᠶᠢᠯᠡᠯ ᠤᠨ ᠡᠮᠤᠨ᠎ᠡ ᠡᠩᠨᠡᠭᠡᠨ ᠳᠤ ᠣᠷᠣᠵᠤ᠂ ᠤᠯᠤᠰ ᠤᠨ ᠲᠣᠳᠤᠭᠠᠲᠤ ᠳᠤ | ᠲᠦᠷᠦᠭᠦᠯᠤᠭ᠍ᠰᠡᠨ᠂ ᠪᠦᠬᠦ ᠪᠦᠮᠪᠦᠷᠴᠡᠭ ᠲᠤ ᠨᠦᠯᠥᠭᠡᠯᠡᠬᠦ ᠬᠦᠴᠦᠨ ᠪᠦᠬᠦᠢ ᠰᠢᠨ᠎ᠡ ᠡᠨᠧᠷᠬᠢ ᠶᠢᠨ ᠠᠵᠤ | ᠠᠬᠤᠶᠢᠯᠡᠯ ᠤᠨ ᠪᠦᠯᠥᠭᠯᠡᠯ ᠪᠠᠶᠢᠵᠤ᠂ ᠬᠦᠴᠦᠷᠬᠡᠭ ᠶᠡᠭᠡ ᠠᠵᠤ ᠠᠬᠤᠢ ᠶᠢᠨ ᠪᠣᠳᠡᠲᠤ ᠬᠦᠴᠦᠨ ᠪᠠ ᠲᠡᠷᠢᠭᠦᠨ ᠤ | ᠮᠡᠷᠭᠡᠵᠢᠯ ᠤᠨ ᠬᠦᠴᠦᠨ ᠲᠠᠢ ᠶᠤᠮ᠃ ᠬᠤᠶᠠᠷ ᠲᠠᠯ᠎ᠠ ᠪᠠᠷ ᠢᠶᠠᠨ ᠬᠠᠷᠢᠯᠴᠠᠨ ᠢᠳᠡᠭᠡᠯᠴᠡᠬᠦ᠂ ᠬᠠᠷᠢᠯᠴᠠᠨ ᠲᠡᠮᠵᠢᠬᠦ | ᠣᠶᠢᠯᠠᠭᠠᠡᠳᠠᠬᠤᠨ ᠢ ᠪᠠᠷᠢᠮᠲᠠᠯᠠᠵᠤ᠂ ᠠᠮᠢᠲᠤ ᠤᠷᠭᠠᠨᠢᠭ ᠪᠤᠳᠠᠰ ᠪᠠ ᠰᠠᠯᠬᠢ ᠭᠡᠷᠡᠯ ᠢᠶᠠᠷ ᠴᠠᠬᠢᠯᠭᠠᠨ ᠭᠠᠷᠭᠠᠵᠤ | ᠲᠤᠬᠠᠢ ᠶᠢᠨ ᠭᠠᠵᠠᠷ ᠲᠤᠨᠢ ᠤᠰᠤᠳᠦ᠋ᠷᠤᠭ᠍ᠴᠢ ᠦᠢᠯᠡᠳᠬᠦ᠂ ᠰᠢᠨ᠎ᠡ ᠡᠨᠧᠷᠬᠢ ᠶᠢᠨ ᠲᠤᠨᠣᠭᠯᠠᠯ ᠦᠢᠯᠡᠳᠬᠦ᠂ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠡᠡᠯᠠᠬᠤ ᠵᠡᠷᠭᠡ ᠬᠦᠷᠢᠶᠡᠨ ᠳᠤ ᠨᠡᠩ ᠣᠯᠠᠨ | ᠬᠠᠮᠲᠤᠷᠠᠯᠴᠠᠭᠠᠨ ᠤ ᠭᠠᠷᠳᠡᠬᠤ ᠴᠡᠭ᠂ ᠬᠦᠴᠦᠯᠡᠬᠦ ᠴᠡᠭ ᠢ ᠡᠷᠢᠨ ᠣᠯᠵᠤ᠂ ᠠᠷᠤ ᠬᠤᠷᠴᠢᠨ ᠬᠤᠰᠢᠭᠤᠨ ᠤ ᠬᠢᠨ | ᠬᠠᠮᠤᠭ ᠤᠨ ᠦᠨᠡᠨᠴᠢ ᠰᠡᠳᠭᠢᠯ᠂ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠠᠵᠢᠯ ᠤᠨ ᠲᠣᠰᠬᠠᠢ ᠠᠩᠬᠢ | ᠪᠠᠶᠢᠭᠤᠯᠵᠤ᠂ ᠬᠠᠷᠢᠯᠴᠠᠬᠤ ᠲᠣᠭᠲᠠᠴᠠ ᠶᠢ ᠪᠠᠶᠢᠭᠤᠯᠤᠨ᠂ ᠬᠠᠮᠳᠤᠷᠠᠯᠴᠠᠭᠠᠨ ᠤ ᠲᠦᠰᠤᠯ ᠢᠶᠠᠨ ᠨᠠᠷᠢᠯᠢᠡᠡᠵᠢᠭᠤᠯᠵᠤ᠂ | ᠭᠠᠷ ᠭᠦᠢᠴᠡᠳᠭᠡᠯ᠂ ᠡᠬᠢ ᠪᠠᠶᠠᠯᠢᠭ ᠤᠨ ᠳᠣᠬᠢᠷᠠᠭᠤᠯᠤᠯᠲᠠ ᠵᠡᠷᠭᠡ ᠲᠠᠯ᠎ᠠ ᠶᠢᠨ ᠪᠦᠬᠦ ᠬᠦᠴᠣᠨ ᠵᠦᠢᠯ᠂ ᠪᠥᠬᠦ | ᠦᠶᠡᠯᠡᠯ ᠤᠨ ᠬᠤᠭᠤᠴᠠᠭᠠᠨ ᠳᠠᠬᠢ ᠦᠢᠯᠠᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠤ᠂ ᠠᠷᠤ ᠬᠤᠷᠴᠢᠨ | ᠬᠤᠰᠢᠭᠤᠨ ᠤ ᠠᠩᠬᠠᠳ᠋ᠬᠠᠴᠢ ᠰᠢᠨ᠎ᠡ ᠡᠨᠧᠷᠬᠢ ᠶᠢᠨ ᠵᠠᠬ᠎ᠠ ᠳᠡᠯᠭᠡᠭᠦᠷᠴᠢᠯᠡᠨ ᠬᠡᠷᠡᠭᠯᠡᠬᠦ ᠲᠦᠷᠤᠯ ᠵᠦᠢᠯ ᠢ ᠡᠷᠲᠡᠭᠡᠨ | ᠨᠠᠶᠢᠲᠡᠪᠤᠷᠢᠵᠢᠭᠤᠯᠵᠤ᠂ ᠡᠷᠲᠡᠭᠡᠨ ᠪᠠᠶᠢᠭᠤᠯᠵᠤ ᠳᠠᠭᠤᠰᠬᠠᠬᠤ ᠪᠠᠷ ᠴᠢᠷᠮᠡᠶᠢᠨ᠎ᠠ ᠭᠡᠵᠡᠢ᠃ | | | | ᠸᠠᠩ ᠬᠠᠢ ᠲᠣᠣ ᠢᠯᠡᠷᠭᠡᠶᠢᠯᠡᠬᠦ ᠳᠡᠭᠡᠨ᠂ ᠬᠤᠶᠠᠷ ᠲᠠᠯ᠎ᠠ ᠶᠢᠨ ᠬᠥᠭᠵᠢᠯᠲᠡ ᠶᠢᠨ ᠵᠣᠬᠢᠴᠡᠮᠵᠢ ᠦᠨᠳᠤᠷ᠂ | ᠬᠠᠷᠢᠯᠴᠠᠨ ᠨᠥᠭᠦᠪᠦᠷᠢᠯᠡᠬᠦ ᠴᠢᠨᠠᠷ ᠢᠶᠠᠷ ᠴᠢᠩᠭ᠎ᠠ᠂ ᠠᠭᠤᠰᠤᠯᠴᠠᠨ ᠬᠥᠭᠵᠢᠬᠦ ᠭᠡᠳᠣ ᠲᠦᠯᠤᠪ ᠥᠷᠭᠡᠨ ᠠᠭᠤᠳᠠᠮ | ᠪᠠᠶᠢᠨ᠎ᠠ᠂ ᠮᠠᠨ ᠤ ᠺᠣᠮᠫᠠᠨᠢ ᠲᠣᠰ ᠪᠡᠶ᠎ᠡ ᠶᠢᠨ ᠳᠠᠪᠠᠭᠤᠯᠢᠭ ᠢᠶᠠᠨ ᠬᠦᠢᠴᠠᠳ ᠪᠠᠲᠠᠷᠠᠭᠤᠯᠵᠤ᠂ ᠠᠷᠤ ᠬᠤᠷᠴᠢᠨ | ᠬᠤᠰᠢᠭᠤᠨ ᠤ ᠠᠮᠢᠲᠤ ᠤᠷᠭᠠᠨᠢᠭ ᠪᠣᠳᠠᠰ᠂ ᠰᠠᠯᠬᠢ ᠬᠡᠷᠡᠯ ᠤᠨ ᠡᠨᠧᠷᠬᠢ᠂ ᠠᠭᠤᠷᠬᠠᠢ ᠶᠢᠨ ᠭᠠᠷᠤᠯᠲᠠ ᠵᠡᠷᠭᠡ | ᠬᠦᠷᠢᠶᠡᠨ ᠳᠠᠬᠢ ᠡᠯᠪᠡᠭ ᠪᠠᠶᠡᠯᠢᠭ᠋ ᠡᠬᠢ ᠪᠠᠶᠠᠯᠢᠭ ᠢ ᠰᠠᠶᠢᠲᠤᠷ ᠬᠡᠷᠡᠭᠯᠡᠵᠤ᠂ ᠠᠷᠤ ᠬᠤᠷᠴᠢᠨ ᠬᠤᠰᠢᠭᠤ ᠲᠠᠢ ᠨᠡᠩ | ᠤᠯᠠᠨ ᠪᠣᠳᠠᠲᠠᠢ ᠶᠢ ᠡᠷᠬᠢᠮᠯᠡᠭᠰᠡᠨ ᠬᠠᠮᠳᠤᠷᠡᠯᠴᠠᠭ᠎ᠠ ᠦᠷᠨᠢᠭᠦᠯᠵᠤ᠂ ᠨᠡᠩ ᠣᠯᠠᠨ ᠠᠵᠤ ᠦᠢᠯᠡᠰ ᠤᠨ ᠲᠦᠷᠤᠯ | ᠵᠦᠢᠯ ᠢ ᠪᠠᠶᠢᠷᠢᠰᠢᠭᠤᠯᠤᠨ᠂ ᠠᠷᠤ ᠬᠤᠷᠴᠢᠨ ᠬᠤᠰᠢᠭᠤᠨ ᠳᠤ ᠰᠢᠨ᠎ᠠ ᠳᠠᠪᠠᠭᠤᠯᠢᠭ ᠢ ᠪᠣᠢ ᠪᠣᠯᠭᠠᠬᠤ ᠳᠤ ᠬᠦᠴᠣᠨ | ᠨᠡᠮᠡᠷᠢᠯᠡᠨ᠎ᠡ ᠭᠡᠵᠡᠢ᠃ | ᠬᠤᠰᠢᠭᠤᠨ ᠵᠠᠰᠠᠭ ᠤᠨ ᠣᠷᠣᠨ ᠤ ᠠᠯᠪᠠᠨ ᠭᠡᠷ᠂ ᠬᠥᠭᠵᠢᠭᠦᠯᠦᠯᠲᠠ ᠦᠭᠡᠷᠡᠴᠢᠯᠡᠯᠲᠡ ᠶᠢᠨ ᠵᠥᠪᠯᠡᠯ᠂ | ᠣᠢ ᠰᠢᠭᠤᠢ ᠪᠠ ᠨᠤᠳᠤᠭ ᠪᠡᠯᠴᠢᠭᠡᠷ ᠤᠨ ᠲᠣᠪᠴᠢᠶ᠎ᠡ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠪᠠ ᠪᠡᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠵᠤ ᠠᠬᠤᠢ ᠶᠢᠨ ᠬᠠᠮᠳᠤᠷᠠᠯᠴᠠᠭᠠᠨ ᠤ | ᠦᠢᠯᠡᠴᠢᠯᠡᠭᠡᠨ ᠤ ᠲᠥᠪ᠂ ᠠᠵᠤ ᠠᠬᠤᠶᠢᠯᠡᠯ ᠤᠨ ᠶᠡᠷᠤᠩᠬᠡᠶᠢᠯᠡᠭᠰᠡᠨ ᠦᠢᠯᠡᠴᠢᠯᠡᠭᠡᠨ ᠤ ᠲᠥᠪ ᠵᠢᠴᠢ ᠮᠢᠩ ᠶᠠᠩ | ᠰᠢᠨ᠎ᠡ ᠡᠨᠧᠷᠬᠢ ᠶᠢᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠭᠰᠡᠨ ᠪᠦᠯᠤᠭ᠍ᠯᠡᠯ᠂ ᠰᠢᠨ ᠮᠦ ᠠᠮᠢᠲᠤ ᠪᠤᠳᠠᠰ | ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠥᠬᠦᠳ ᠬᠤᠷᠠᠯ ᠳᠤ | ᠤᠷᠤᠯᠴᠠᠵᠠᠢ᠃ ︵ᠯᠢ ᠬᠤᠸᠠᠨ ᠢᠦᠢ︶ |