ᠶᠠᠩ ᠯᠢᠦ ᠡᠬᠡ ᠰᠤᠷᠭᠠᠭᠤᠯᠢ ᠪᠠᠨ ᠡᠷᠬᠢᠵᠦ ᠦᠵᠡᠪᠡ
ᠨᠡᠶᠢᠲᠡᠯᠡᠭᠰᠡᠨ ᠴᠠᠭ᠄
2024/9/10
       ᠣᠶᠢᠷ᠎ᠠ ᠶᠢᠨ ᠡᠳᠦᠷ᠂ ᠫᠠᠷᠢᠰ ᠤᠨ ᠤᠯᠢᠮᠫᠢᠺ ᠤᠨ ᠲᠠᠮᠢᠷ ᠤᠨ ᠴᠤᠭᠯᠠᠭᠠᠨ ᠤ ᠪᠣᠺᠰ ᠤᠨ ᠲᠡᠮᠡᠴᠡᠭᠡᠨ ᠤ ᠡᠮᠡᠭᠲᠡᠢ ᠶᠢᠨ 66 ᠺᠢᠯᠣᠭ᠍ᠷᠡᠮ ᠤᠨ ᠲᠡᠰ ᠤᠨ ᠮᠦᠩᠭᠦᠨ ᠮᠧᠳᠡᠯᠲᠤ ᠲᠠᠮᠢᠷᠴᠢᠨ ᠶᠠᠩ ᠯᠢᠤ ᠨᠤᠳᠤᠭ ᠲᠠᠭᠠᠨ ᠪᠤᠴᠠᠨ ᠢᠷᠡᠭᠰᠡᠨ ᠲᠡᠰᠢᠷᠡᠮ ᠢᠶᠠᠷ ᠡᠬᠡ ᠰᠤᠷᠭᠠᠭᠤᠯᠢ ᠴᠢᠪᠠᠭ᠎ᠠ ᠭᠤᠷᠪᠠᠳᠤᠭᠠᠷ ᠳᠤᠮᠳᠠᠲᠤ ᠰᠤᠷᠭᠠᠭᠤᠯᠢ ᠪᠠᠨ ᠡᠷᠬᠢᠨ ᠦᠵᠡᠵᠤ᠂ ᠥᠪᠡᠷᠳᠡᠭᠡᠨ ᠵᠠᠰᠠᠬᠤ ᠣᠷᠣᠨ ᠤ ᠬᠦᠨᠲᠤ ᠪᠡᠶ᠎ᠡ ᠶᠢᠨ ᠲᠠᠮᠢᠷ ᠤᠨ ᠣᠷᠤᠯᠳᠤᠭᠠᠨ ᠤ ᠲᠥᠪ ᠤᠨ ᠡᠷᠬᠢᠯᠡᠭᠴᠢ ᠶᠠᠩ ᠶᠠ ᠮᠢᠨ᠂ ᠬᠤᠰᠢᠭᠤᠨ ᠠᠷᠠᠳ ᠤᠨ ᠵᠠᠰᠠᠭ ᠤᠨ ᠤᠷᠳᠤᠨ ᠤ ᠲᠡᠳ᠋ ᠳᠠᠷᠤᠭ᠎ᠠ ᠮᠦᠩᠭᠦᠬᠠᠭᠤᠯᠡ ᠵᠢᠴᠢ ᠴᠢᠪᠠᠭ᠎ᠠ ᠭᠤᠷᠪᠠᠳᠤᠭᠠᠷ ᠳᠤᠮᠳᠠᠲᠤ ᠰᠤᠷᠭᠠᠭᠤᠯᠢ ᠶᠢᠨ ᠪᠥᠬᠦ ᠪᠠᠭᠰᠢ ᠰᠣᠷᠣᠭᠴᠢᠳ ᠤᠭᠳᠤᠯᠭ᠎ᠠ ᠶᠢᠨ ᠶᠣᠰᠤᠯᠠᠯ ᠳᠤ ᠤᠷᠣᠯᠴᠠᠪᠠ᠃
       ᠤᠭᠲᠣᠬᠤ ᠶᠣᠰᠣᠯᠠᠯ ᠳᠡᠭᠡᠷ᠎ᠡ᠂ ᠶᠠᠩ ᠯᠢᠤ ᠶᠢᠨ ᠨᠣᠮ ᠤᠨ ᠲᠡᠭᠦᠤᠨᠠᠷ ᠠᠴᠠ ᠲᠡᠭᠦᠨ ᠳᠤ ᠰᠣᠷᠭᠤᠭ ᠴᠡᠴᠡᠭ ᠬᠦᠷᠭᠡᠵᠦ᠂ ᠬᠠᠯᠠᠭᠤᠨ ᠢᠶᠠᠷ ᠣᠭᠳᠤᠵᠤ ᠪᠠᠶᠢᠭ᠎ᠠ ᠰᠡᠳᠭᠭᠢᠯᠭᠡ ᠪᠠᠨ ᠢᠯᠡᠳᠭᠡᠭᠰᠡᠨ ᠪᠥᠭᠡᠳ ᠶᠠᠩ ᠯᠢᠤ ᠴᠤ ᠨᠣᠮ ᠤᠨ ᠲᠡᠭᠦᠤᠨᠠᠷ ᠲᠤ ᠪᠠᠨ ᠵᠣᠷᠢᠭᠲᠠᠢ ᠪᠠᠷ ᠦᠷᠢᠰᠤᠯᠳᠤᠭᠡᠨ ᠳᠤ ᠬᠠᠨᠲᠤᠨ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠷ ᠴᠥᠭᠦᠷᠡᠰᠢ ᠦᠭᠡᠢ ᠴᠢᠷᠮᠡᠶᠢᠵᠤ᠂ ᠥᠪᠡᠷ ᠤᠨ ᠭᠡᠰᠡᠨ ᠬᠡᠷᠡᠯ ᠰᠡᠴᠤᠷᠠᠩᠭᠤᠢ ᠠᠮᠵᠢᠯᠲᠠ ᠡᠭᠦᠳᠬᠦ ᠵᠣᠷᠢᠡᠡᠵᠢᠭᠤᠯᠣᠯ ᠦᠭᠭᠦᠭᠰᠡᠨ ᠪᠠᠶᠢᠨ᠎ᠠ᠃
       ᠳᠠᠷᠠᠭ᠎ᠠ ᠨᠢ᠂ ᠶᠠᠩ ᠯᠢᠤ ᠪᠠᠭᠰᠢ ᠨᠠᠷ ᠲᠠᠢ ᠪᠠᠨ ᠬᠠᠮᠲᠤ ᠡᠬᠡ ᠰᠤᠷᠭᠠᠭᠤᠯᠢ ᠪᠠᠨ ᠲᠣᠭᠤᠷᠢᠨ ᠦᠵᠡᠵᠤ ᠰᠠᠨᠠᠯ ᠪᠣᠳᠣᠯ ᠢᠶᠠᠨ ᠭᠦᠨᠵᠡᠭᠡᠢ ᠰᠤᠯᠢᠯᠴᠠᠪᠡ᠃ ᠡᠨᠡ ᠨᠢ ᠨᠢᠭᠡ ᠤᠳᠠᠭᠠᠨ ᠤ ᠢᠷᠠᠭᠤ ᠠᠯᠲᠠᠷ ᠢ ᠬᠡᠷᠡᠴᠢᠯᠡᠭᠰᠡᠨ ᠪᠤᠴᠠᠨ ᠢᠷᠡᠯᠲᠠ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠤᠳᠠᠭᠠᠨ ᠤ ᠬᠠᠶᠢᠷ᠎ᠠ ᠬᠠᠯᠠᠮᠵᠢ ᠪᠢᠯᠬᠠᠡᠡᠰᠡᠨ ᠲᠠᠬᠢᠨ ᠠᠭᠤᠯᠵᠠᠯᠲᠠ ᠪᠣᠯᠣᠨ᠎ᠠ᠃ ᠣᠯᠠᠨ ᠢᠶᠠᠷ ᠢᠶᠠᠨ ᠶᠠᠩ ᠯᠢᠦ ᠶᠢᠨ ᠡᠬᠡ ᠰᠤᠷᠭᠠᠭᠤᠯᠢ ᠪᠠᠨ ᠡᠷᠬᠢᠨ ᠦᠵᠡᠬᠦ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ᠂ ᠭᠡᠷᠡᠯ ᠰᠡᠴᠤᠷᠠᠩᠭᠤᠢ ᠢᠯᠡᠯᠲᠠ ᠠᠮᠵᠢᠯᠲᠠ ᠳᠤ ᠨᠢ ᠪᠠᠶᠠᠷ ᠬᠦᠷᠭᠡᠬᠦ ᠶᠢᠨ ᠬᠠᠮᠲᠤ ᠬᠤᠶᠢᠰᠢᠳᠡ ᠶᠢᠨ ᠨᠠᠩ ᠦᠨᠳᠣᠷ ᠠᠮᠵᠢᠯᠲᠠ ᠶᠢ ᠨᠢ ᠵᠦᠩᠨᠡᠨ᠂ ᠡᠬᠡ ᠤᠯᠤᠰ ᠲᠠᠭᠠᠨ ᠢᠷᠭᠤ ᠠᠯᠲᠠᠷ ᠤᠯᠭᠤᠵᠤ᠂ ᠡᠬᠡ ᠰᠤᠷᠭᠠᠭᠤᠯᠢ ᠳᠠᠭᠠᠨ ᠬᠡᠷᠡᠯ ᠬᠢᠯᠪᠠᠭ᠎ᠠ ᠨᠡᠮᠡᠷᠢᠯᠡᠬᠦ ᠶᠢ ᠬᠦᠰᠡᠪᠡ᠃ ︵ᠯᠢ ᠬᠤᠸᠠᠨ ᠢᠣᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号