ᠳᠥᠷᠪᠡᠳᠤᠭᠡᠷ ᠳᠣᠭᠤᠷᠢᠨ ᠪᠠᠶᠢᠴᠠᠭᠠᠬᠤ ᠳᠣᠭᠤᠶᠢᠯᠠᠩ ᠤᠨ ᠵᠢᠭᠠᠰᠤᠲᠠᠢ ᠪᠠᠯᠭᠠᠰᠤ ᠶᠢᠨ ᠨᠠᠮ ᠤᠨ ᠬᠤᠷᠢᠶᠠᠨ ᠤ ᠠᠵᠢᠯ ᠢ ᠲᠣᠭᠤᠷᠢᠨ ᠪᠠᠶᠢᠴᠠᠭᠠᠬᠤ ᠪᠠᠷ ᠣᠷᠣᠵᠤ ᠰᠠᠭᠤᠬᠤ ᠲᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/10
       ᠣᠶᠢᠷ᠎ᠠ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠳᠦᠷᠪᠡᠳᠦᠭᠡᠷ ᠳᠣᠭᠤᠷᠢᠨ ᠪᠠᠶᠢᠴᠠᠭᠠᠬᠤ ᠳᠣᠭᠤᠶᠢᠯᠠᠩ ᠤᠨ ᠵᠢᠭᠠᠰᠤᠲᠠᠢ ᠪᠠᠯᠭᠠᠰᠤ ᠶᠢᠨ ᠨᠠᠮ ᠤᠨ ᠬᠤᠷᠢᠶᠠᠨ ᠤ ᠠᠵᠢᠯ ᠢ ᠲᠣᠭᠤᠷᠢᠨ ᠪᠠᠶᠢᠴᠠᠭᠠᠬᠤ ᠪᠠᠷ ᠤᠷᠣᠵᠤ ᠰᠠᠭᠤᠬᠤ ᠲᠠᠶᠢᠴᠢᠯᠠᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠬᠤ ᠲᠣᠭᠤᠶᠢᠯᠠᠩ ᠤᠨ ᠪᠦᠷᠢᠯᠳᠣᠭᠦᠨ᠂ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ᠂ ᠳᠦᠷᠪᠡᠳᠦᠭᠡᠷ ᠲᠣᠭᠤᠷᠢᠨ ᠪᠠᠶᠢᠴᠠᠭᠠᠬᠤ ᠲᠤᠭᠤᠶᠢᠯᠠᠩ ᠤᠨ ᠪᠦᠬᠦ ᠪᠦᠷᠢᠯᠳᠤᠭᠦᠨ᠂ ᠵᠢᠭᠠᠰᠤᠲᠠᠢ ᠪᠠᠯᠭᠠᠰᠤ ᠶᠢᠨ ᠣᠳᠣᠷᠢᠣᠡᠬᠤ ᠪᠠᠭ ᠤᠨ ᠪᠦᠷᠢᠯᠳᠦᠭᠦᠨ᠂ ᠪᠠᠶᠢᠭᠤᠯᠭ᠎ᠠ ᠶᠢᠨ ᠪᠦᠬᠦ ᠺᠠᠳ᠋ᠷ᠂ ᠭᠠᠴᠠᠭᠠᠨ ᠤ ᠡᠯ᠎ᠡ ᠪᠠᠭ ᠤᠨ ᠬᠢᠨ ᠪᠠ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ᠂ ᠭᠠᠴᠠᠭᠠᠨ ᠤ ᠪᠠᠭ᠎ᠠ ᠲᠣᠭᠤᠶᠢᠯᠠᠩ ᠤᠨ ᠳᠠᠷᠤᠭ᠎ᠠ ᠶᠢᠨ ᠲᠦᠯᠥᠭᠡᠯᠡᠭᠴᠢ ᠬᠤᠷᠠᠯ ᠳᠤ ᠣᠷᠣᠯᠴᠡᠪᠡ᠃
       ᠬᠤᠷᠠᠯ ᠳᠡᠭᠡᠷ᠎ᠡ᠂ ᠬᠤᠰᠢᠭᠤᠨ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ ᠠᠴᠠ ᠲᠣᠭᠤᠷᠢᠨ ᠪᠠᠶᠢᠴᠠᠭᠠᠬᠤ ᠡᠭᠦᠷᠭᠡ ᠪᠠ ᠳᠣᠬᠢᠷᠠᠭᠤᠯᠤᠯᠲᠠ ᠶᠢ ᠵᠠᠷᠯᠠᠨ ᠮᠡᠳᠡᠭᠳᠠᠵᠤ᠂ ᠲᠣᠭᠤᠷᠢᠨ ᠪᠠᠶᠢᠴᠠᠭᠠᠭᠳᠠᠬᠤ ᠨᠢᠭᠡᠴᠠ ᠶᠢᠨ ᠭᠤᠣᠯ ᠬᠠᠷᠢᠭᠤᠴᠠᠯᠭᠠᠳᠠᠨ ᠣᠪᠤᠷ ᠢᠶᠠᠨ ᠢᠯᠡᠳᠭᠡᠬᠦ ᠦᠭᠡ ᠬᠡᠯᠡᠵᠤ᠂ ᠠᠷᠠᠳᠴᠢᠯᠡᠯ ᠢᠶᠠᠷ ᠰᠢᠯᠭᠠᠨ ᠦᠨᠡᠯᠡᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠣᠳᠣᠷᠢᠣᠡᠬᠤ ᠪᠠᠭ ᠪᠣᠯᠣᠨ ᠭᠤᠣᠯᠯᠬᠠᠴᠢ ᠺᠠᠳ᠋ᠷ ᠲᠤ ᠠᠷᠠᠳᠴᠢᠯᠡᠯ ᠢᠶᠠᠷ ᠦᠨᠡᠯᠠᠯᠲᠠ ᠬᠢᠪᠠ᠃
       ᠬᠤᠷᠠᠯ ᠠᠴᠠ ᠴᠢᠬᠤᠯᠠᠴᠢᠯᠠᠭᠰᠠᠨ ᠨᠢ᠂ ᠳᠤᠭᠤᠷᠢᠨ ᠪᠠᠶᠢᠴᠠᠭᠠᠬᠤ ᠳᠤᠭᠤᠶᠢᠯᠠᠩ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠢᠨᠠᠯᠲᠠ ᠲᠠᠯᠪᠢᠬᠤ ᠤᠯᠤᠰ ᠲᠦᠷᠤ ᠶᠢᠨ ᠲᠣᠭᠤᠷᠢᠨ ᠪᠠᠶᠢᠴᠠᠭᠠᠯᠲᠠ ᠶᠢ ᠦᠷᠨᠢᠭᠦᠯᠣᠨ᠂ ᠪᠤᠳᠠᠲᠤ ᠶᠠᠪᠤᠳᠠᠯ ᠢᠶᠠᠷ ᠦᠡᠳᠣᠰᠣᠯᠡᠯ ᠪᠣᠯᠭᠠᠨ᠂ ᠨᠠᠮ ᠤᠨ ᠲᠣᠭᠲᠠᠭᠠᠯ᠂ ᠨᠠᠮ ᠤᠨ ᠰᠠᠬᠢᠯᠭ᠎ᠠ ᠪᠠᠲᠤ ᠪᠣᠯᠣᠨ ᠬᠠᠤᠯᠢ ᠴᠠᠭᠠᠵᠠ ᠪᠠᠷ ᠬᠡᠮᠵᠢᠭᠦᠷ ᠪᠣᠯᠭᠠᠵᠤ᠂ ᠲᠠᠤᠭᠡᠴᠢ᠂ ᠬᠤᠪᠢᠰᠤᠩᠭᠤᠢ᠂ ᠬᠥᠭᠵᠢᠯᠲᠠ ᠶᠢᠨ ᠦᠵᠡᠯᠲᠠ ᠪᠠᠷ ᠠᠰᠠᠭᠤᠳᠠᠯ ᠢ ᠦᠵᠡᠵᠦ᠂ ᠤᠨᠢᠨ ᠳᠡᠭᠡᠷ᠎ᠡ ᠨᠢ ᠢᠯᠡᠷᠡᠭᠦᠯᠬᠦ᠂ ᠤᠨᠢᠨ ᠳᠡᠭᠡᠷ᠎ᠡ ᠨᠢ ᠵᠠᠳᠠᠯᠬᠤ᠂ ᠤᠨᠢᠨ ᠳᠡᠭᠡᠷ᠎ᠡ ᠨᠢ ᠮᠡᠳᠡᠭᠦᠯᠬᠦ ᠶᠢ ᠪᠠᠶᠡᠯᠡᠭᠦᠯᠬᠦ ᠬᠡᠷᠡᠭᠲᠡᠢ᠃ ᠪᠥᠬᠦ ᠨᠠᠮ ᠤᠨ ᠭᠡᠰᠢᠭᠦᠨ ᠺᠠᠳ᠋ᠷ ᠲᠣᠭᠤᠷᠢᠨ ᠪᠠᠶᠢᠴᠠᠭᠠᠬᠤ ᠲᠣᠭᠤᠶᠢᠯᠠᠩ ᠢ ᠭᠦᠢᠴᠡᠣᠨ ᠢᠳᠡᠭᠡᠵᠤ᠂ ᠲᠣᠭᠤᠷᠢᠨ ᠪᠠᠶᠢᠴᠠᠭᠠᠬᠤ ᠠᠵᠢᠯ ᠢ ᠠᠵᠢᠯ ᠤᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠬᠢᠨᠠᠯᠲᠠ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠤᠷᠤᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠡᠷᠢᠵᠤ᠂ ᠨᠢᠭᠤᠨ ᠲᠠᠯᠳᠠᠯᠠᠬᠤ ᠦᠭᠡᠢ᠂ ᠵᠦᠷᠢᠴᠡᠯ ᠡᠭᠦᠰᠬᠦ ᠠᠴᠠ ᠵᠠᠶᠢᠯᠠᠬᠤ ᠦᠭᠡᠢ ᠪᠠᠶᠢᠬᠤ ᠬᠡᠷᠡᠭᠲᠡᠢ᠃ ᠲᠤᠭᠤᠷᠢᠨ ᠪᠠᠶᠢᠴᠠᠭᠠᠵᠤ ᠴᠡᠩᠴᠠᠯᠠᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠤ᠂ ᠠᠰᠠᠭᠤᠳᠠᠯ ᠳᠤ ᠰᠢᠭᠤᠳ ᠬᠠᠨᠲᠤᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠣᠡᠬᠤᠵᠤ᠂ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠣᠮᠵᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠤ ᠶᠢᠨ ᠬᠠᠷᠢᠭᠤᠴᠠᠯᠭ᠎ᠠ ᠶᠢ ᠪᠤᠲᠠᠳᠠᠶᠢᠵᠢᠭᠤᠯᠬᠤ ᠬᠡᠷᠡᠭᠲᠡᠢ ᠭᠡᠪᠡ᠃ ︵ᠵᠣᠣ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号