2024 ᠣᠨ ᠤ ᠪᠥᠬᠦ ᠣᠷᠣᠨ ᠤ ᠮᠤᠩᠭᠤᠯ ᠡᠮᠨᠡᠯᠭᠡ ᠶᠢᠨ ᠡᠮᠴᠢᠯᠡᠭᠡᠨ ᠤ ᠤᠨᠣᠰᠢᠯᠡᠨ ᠡᠮᠴᠢᠯᠡᠬᠦ ᠬᠦᠲᠦᠯᠪᠤᠷᠢ ᠶᠢ ᠲᠡᠯᠭᠡᠷᠡᠭᠦᠯᠤᠨ ᠬᠡᠷᠡᠭᠯᠡᠬᠦ ᠪᠣᠯᠪᠡᠰᠤᠷᠡᠯ ᠵᠢᠴᠢ ᠴᠢ ᠬᠤᠸᠠᠩ ᠡᠷᠳᠡᠮᠲᠠᠨ ᠤᠯᠠᠭᠠᠨ ᠤ ᠤᠯᠠᠮᠵᠢᠯᠡᠯᠲᠤ ᠵᠠᠰᠠᠯ ᠤᠨ ᠡᠮᠴᠢᠯᠡᠭᠡᠨ ᠤ ᠮᠡᠷᠭᠡᠵᠢᠯ ᠢ ᠥᠪᠯᠡᠨ ᠤᠯᠠᠮᠵᠢᠯᠠᠬᠤ ᠠᠵᠢᠯ ᠤᠨ ᠥᠷᠥᠭᠡᠨ ᠤ ᠲᠤᠰᠬᠠᠢ ᠮᠡᠷᠭᠡᠵᠢᠯ ᠤᠨ ᠬᠤᠷᠠᠯ ᠠᠷᠤ ᠬᠤᠷᠴᠢᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/11
       9 ᠰᠠᠷ᠎ᠠ ᠶᠢᠨ 9 ᠤ ᠡᠳᠦᠷ᠂ 2024 ᠣᠨ ᠤ ᠪᠥᠬᠦ ᠣᠷᠣᠨ ᠤ ᠮᠣᠩᠭᠤᠯ ᠡᠮᠨᠡᠯᠭᠡ ᠶᠢᠨ ᠡᠮᠴᠢᠯᠡᠭᠡᠨ ᠤ ᠣᠨᠣᠰᠢᠯᠡᠨ ᠡᠮᠴᠢᠯᠡᠬᠦ ᠬᠦᠲᠦᠯᠪᠤᠷᠢ ᠶᠢ ᠳᠡᠯᠭᠡᠷᠡᠭᠦᠯᠦᠨ ᠬᠡᠷᠡᠭᠯᠡᠬᠦ ᠪᠣᠯᠪᠠᠰᠤᠷᠠᠯ ᠵᠢᠴᠢ ᠴᠢ ᠬᠤᠸᠠᠩ ᠡᠷᠳᠡᠮᠲᠠᠨ ᠤᠯᠠᠭᠠᠨ ᠤ ᠤᠯᠠᠮᠵᠢᠯᠡᠯᠲᠤ ᠵᠠᠰᠠᠯ ᠤᠨ ᠡᠮᠴᠢᠯᠡᠭᠡᠨ ᠤ ᠮᠡᠷᠭᠡᠵᠢᠯ ᠢ ᠥᠪᠯᠡᠨ ᠤᠯᠠᠮᠵᠢᠯᠠᠬᠤ ᠠᠵᠢᠯ ᠤᠨ ᠦᠷᠣᠭᠡᠨ ᠤ ᠲᠤᠰᠬᠠᠢ ᠮᠡᠷᠭᠡᠵᠢᠯ ᠤᠨ ᠬᠤᠷᠠᠯ ᠮᠠᠨ ᠤ ᠬᠤᠰᠢᠭᠤᠨ ᠤ ᠮᠤᠩᠭᠤᠯ ᠡᠮᠨᠠᠯᠭᠡ ᠶᠢᠨ ᠬᠤᠷᠢᠶ᠎ᠠ ᠳᠤ ᠬᠤᠷᠠᠯᠳᠤᠪᠠ᠃
       ᠤᠯᠤᠰ ᠤᠨ ᠳᠡᠰ ᠤᠨ ᠪᠤᠳᠠᠰ ᠤᠨ ᠪᠤᠰᠤ ᠰᠣᠶᠣᠯ ᠤᠨ ᠦᠪ ᠪᠣᠯᠬᠤ ︽ᠵᠠᠮᠪᠠᠯᠳᠤᠷᠵᠢ ᠪᠦᠯᠢᠶᠡᠨ ᠬᠠᠳᠬᠤᠭᠤᠷ᠂ ᠭᠠᠯ ᠵᠡᠭᠦᠦ ᠵᠠᠰᠠᠯ︾ ᠤᠨ ᠤᠯᠠᠮᠵᠢᠯᠠᠭᠴᠢ᠂ ᠤᠯᠤᠰ ᠤᠨ ᠴᠢ ᠬᠤᠸᠠᠩ ᠡᠷᠳᠡᠮᠲᠠᠨ ᠤᠯᠠᠭᠠᠨ ᠫᠷᠣᠹᠧᠰᠰᠣᠷ᠂ ᠥᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠡᠯ ᠡᠷᠡᠭᠦᠯ ᠮᠠᠨᠲᠤ ᠶᠢᠨ ᠵᠥᠪᠯᠡᠯ ᠤᠨ ᠬᠢᠲᠡᠳ ᠡᠮᠨᠡᠯᠭᠡ ︵ᠮᠣᠩᠭᠤᠯ ᠡᠮᠨᠡᠯᠭᠡ︶ ᠶᠢ ᠤᠯᠠᠮᠵᠢᠯᠡᠨ ᠬᠥᠭᠵᠢᠭᠦᠯᠬᠦ ᠭᠠᠵᠠᠷ ᠤᠨ ᠳᠠᠷᠤᠭ᠎ᠠ ᠰᠤ᠋ ᡁᠢ ᠮᠧᠢ᠂ ᠥᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠤᠯᠠᠨ ᠤᠯᠤᠰ ᠤᠨ ᠮᠣᠩᠭᠤᠯ ᠡᠮᠨᠠᠯᠭᠡ ᠶᠢᠨ ᠬᠤᠷᠢᠶ᠎ᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠵᠠᠩ ᠬᠤᠷᠴᠠ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠤᠩᠭᠤᠯ ᠤᠨ ᠡᠮᠨᠡᠯᠭᠡ ᠶᠢᠨ ᠬᠤᠷᠢᠶ᠎ᠠ ᠶᠢᠨ ᠳᠡᠳ᠋ ᠳᠠᠷᠤᠭ᠎ᠠ ᠯᠢᠶᠠᠩ ᠵᠢᠶᠦ᠋ᠨ ᠴᠢᠩ᠂ ᠤᠯᠠᠭᠠᠡᠬᠠᠳᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠠᠨᠲᠤ ᠶᠢᠨ ᠵᠥᠪᠯᠡᠯ ᠤᠨ ᠬᠢᠲᠠᠳ ᠮᠤᠩᠭᠤᠯ ᠡᠮᠨᠠᠯᠭᠡ ᠶᠢᠨ ᠰᠠᠯᠠᠭ᠎ᠠ ᠶᠢᠨ ᠬᠠᠷᠢᠭᠤᠴᠠᠯᠭᠠᠳᠠᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠲᠡᠳ᠋ ᠳᠠᠷᠤᠭ᠎ᠠ ᠬᠦᠸᠧ ᠶᠥᠩ ᠮᠢᠩ᠂ ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠬᠥᠭᠡᠪᠡᠷᠰ᠂ ᠬᠤᠰᠢᠭᠤᠨ ᠤᠯᠤᠰ ᠲᠦᠷᠤ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠴᠧᠨ ᠢᠦᠢ ᠮᠢᠩ ᠬᠤᠷᠠᠯ ᠳᠤ ᠣᠷᠣᠯᠴᠠᠵᠠᠢ᠃
       ᠬᠦᠸᠧ ᠶᠦᠩ ᠮᠢᠩ ᠬᠤᠷᠠᠯ ᠳᠡᠭᠡᠷ᠎ᠡ ᠤᠯᠠᠭᠠᠨ ᠫᠷᠣᠹᠧᠰᠰᠣᠷ ᠤᠨ ᠳᠤᠰᠬᠠᠢ ᠮᠡᠷᠭᠡᠵᠢᠯᠳᠡᠨ ᠤ ᠪᠦᠯᠭᠦᠮ ᠤᠨ ᠬᠦᠷᠤᠯᠴᠡᠨ ᠢᠷᠡᠭᠰᠡᠨ ᠳᠤ ᠬᠠᠯᠠᠭᠤᠨ ᠢᠶᠠᠷ ᠣᠭᠲᠤᠵᠤ ᠪᠠᠶᠠᠷᠯᠠᠨ ᠲᠠᠯᠠᠷᠬᠠᠵᠤ ᠪᠠᠶᠢᠬᠤ ᠰᠡᠳᠭᠢᠯᠭᠡ ᠪᠠᠨ ᠢᠯᠡᠳᠭᠡᠵᠤ᠂ ᠠᠷᠤ ᠬᠤᠷᠴᠢᠨ ᠬᠤᠰᠢᠭᠤᠨ ᠤ ᠡᠮ ᠡᠮᠨᠡᠯᠭᠡ ᠶᠢᠨ ᠦᠢᠯᠡᠰ ᠤᠨ ᠬᠥᠭᠵᠢᠯᠲᠠ ᠶᠢᠨ ᠣᠳᠤᠬᠢ ᠪᠠᠶᠢᠳᠠᠯ ᠢ ᠲᠠᠨᠢᠯᠴᠠᠭᠤᠯᠪᠠ᠃ ᠲᠡᠷᠡ ᠢᠯᠡᠷᠭᠡᠶᠢᠯᠡᠬᠦ  ᠳᠡᠭᠡᠨ᠂ ᠠᠷᠤ ᠬᠤᠷᠴᠢᠨ ᠬᠤᠰᠢᠭᠤᠨ ᠤ ᠬᠢᠨ ᠲᠣᠰ ᠤᠳᠠᠭᠠᠨ ᠤ ᠪᠣᠯᠪᠡᠰᠣᠷᠠᠯ ᠢᠶᠠᠷ ᠳᠣᠬᠢᠶᠠᠯ ᠪᠣᠯᠭᠠᠵᠤ᠂ ᠮᠤᠩᠭᠤᠯ ᠡᠮ ᠡᠮᠨᠠᠯᠭᠡ ᠶᠢ ᠬᠠᠮᠠᠭᠠᠯᠠᠵᠤ ᠤᠯᠠᠮᠵᠢᠯᠠᠨ ᠬᠥᠭᠵᠢᠭᠦᠯᠬᠦ ᠳᠡᠭᠡᠷ᠎ᠡ ᠬᠦᠴᠤ ᠲᠠᠯᠪᠢᠵᠦ᠂ ᠮᠤᠩᠭᠤᠯ ᠡᠮ ᠡᠮᠨᠠᠯᠭᠡ ᠶᠢᠨ ᠣᠶᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠂ ᠮᠣᠩᠭᠤᠯ ᠡᠮ ᠡᠮᠨᠡᠯᠭᠡ ᠶᠢᠨ ᠰᠣᠶᠣᠯ ᠲᠠᠯ᠎ᠠ ᠨᠤᠳᠤᠭ ᠠᠴᠠ ᠪᠠᠨ ᠥᠷᠭᠡᠵᠢᠨ ᠪᠦᠬᠦ ᠤᠯᠤᠰ ᠲᠤ ᠭᠦᠨᠵᠡᠭᠡᠶᠢᠷᠡᠨ ᠬᠥᠭᠵᠢᠵᠦ᠂ ᠬᠥᠮᠤᠨ ᠲᠦᠷᠤᠯᠭᠢᠳᠡᠨ ᠤ ᠡᠷᠡᠭᠦᠯ ᠮᠠᠨᠲᠤ ᠳᠤ ᠦᠵᠡᠭᠦᠯᠪᠡᠰᠤ ᠵᠣᠬᠢᠬᠤ ᠬᠤᠪᠢ ᠨᠡᠮᠡᠷᠢ ᠪᠠᠨ ᠭᠠᠷᠭᠠᠬᠤ ᠶᠢ ᠠᠬᠢᠭᠤᠯᠤᠨ᠎ᠠ ᠭᠡᠵᠡᠢ᠃        ᠵᠠᠩ ᠬᠤᠷᠴᠠ᠂ ᠰᠤ᠋ ᡁᠢ ᠮᠧᠢ ᠲᠣᠰ ᠲᠣᠰ ᠶᠠᠷᠢᠶ᠎ᠠ ᠲᠠᠯᠪᠢᠪᠠ᠃
       ᠤᠯᠠᠭᠠᠨ ᠪᠣᠯᠪᠠᠰᠤᠷᠠᠯ ᠤᠨ ᠬᠤᠭᠤᠴᠠᠭᠠᠨ ᠳᠤ ᠡᠯ᠎ᠡ ᠰᠤᠷᠣᠭᠴᠢᠳ ᠲᠠᠨᠢᠯᠲᠠ ᠪᠠᠨ ᠳᠡᠭᠡᠭᠰᠢᠯᠡᠭᠦᠯᠵᠤ᠂ ᠦᠵᠡᠯ ᠰᠠᠨᠠᠭ᠎ᠠ ᠪᠠᠨ ᠲᠥᠪ ᠪᠣᠯᠭᠠᠵᠤ᠂ ᠢᠯᠡᠭᠦᠦ ᠰᠣᠨᠣᠰᠴᠤ ᠢᠯᠡᠭᠦᠦ ᠰᠤᠷᠤᠯᠴᠠᠵᠤ ᠨᠡᠩ ᠴᠦ ᠥᠪᠡᠷᠲᠡᠭᠡᠨ ᠰᠠᠶᠢᠲᠤᠷ ᠰᠤᠷᠤᠯᠴᠠᠬᠤ ᠬᠡᠷᠡᠭᠲᠡᠢ᠃ ᠮᠤᠩᠭᠤᠯ ᠡᠮᠴᠢᠯᠡᠭᠡᠨ ᠳᠤ ᠳᠣᠬᠢᠷᠠᠬᠤ ᠮᠡᠷᠭᠡᠵᠢᠯ ᠢ ᠲᠦᠭᠡᠮᠡᠯᠵᠢᠭᠦᠯᠬᠦ᠂ ᠡᠮᠴᠢᠯᠡᠭᠡᠨ ᠤ ᠦᠷ᠎ᠡ ᠪᠦᠲᠣᠮᠵᠢ ᠶᠢ ᠲᠡᠭᠡᠭᠰᠢᠯᠡᠬᠦᠯᠬᠦ ᠪᠠᠷ ᠵᠣᠷᠢᠯᠭ᠎ᠠ ᠪᠣᠯᠭᠠᠵᠤ᠂ ᠲᠤᠬᠠᠢ ᠶᠢᠨ ᠭᠠᠵᠠᠷ ᠤᠨ ᠠᠷᠠᠳ ᠣᠯᠠᠨ ᠳᠤ ᠮᠤᠩᠭᠤᠯ ᠡᠮᠴᠢᠯᠡᠭᠡ ᠤ ᠡᠮ ᠡᠮᠨᠡᠯᠭᠡ ᠡᠷᠡᠭᠦᠯᠵᠢᠯ ᠤᠨ ᠨᠡᠩ ᠠᠮᠤᠷ ᠲᠦᠪᠰᠢᠨ ᠪᠥᠭᠡᠳ ᠪᠦᠲᠣᠮᠵᠢᠲᠡᠢ ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠬᠢᠴᠢᠶᠡᠯ ᠵᠢᠭᠠᠬᠤ ᠪᠠᠭᠰᠢ ᠨᠠᠷ ᠪᠥᠬᠦ ᠣᠶᠣᠨ ᠤᠬᠠᠭᠠᠨ ᠪᠣᠯᠣᠨ ᠰᠠᠳᠭᠢᠯ ᠬᠦᠴᠤ ᠪᠠᠨ ᠰᠤᠷᠤᠭᠴᠢᠳ ᠢ ᠵᠢᠯᠣᠭᠤᠣᠡᠬᠤ ᠲᠡᠭᠡᠷ᠎ᠡ ᠲᠠᠯᠪᠢᠵᠦ᠂ ᠬᠠᠷᠢᠯᠴᠠᠨ ᠰᠣᠷᠣᠯᠴᠠᠬᠤ᠂ ᠰᠤᠯᠢᠯᠴᠠᠬᠤ ᠪᠠ ᠬᠠᠮᠳᠤᠷᠠᠯᠴᠠᠬᠤ ᠪᠠᠨ ᠴᠢᠩᠭᠠᠳᠬᠠᠨ᠂ ᠪᠦᠯᠭᠦᠮᠳᠠᠯ ᠡᠶ᠎ᠡ ᠵᠣᠬᠢᠴᠠᠯ ᠢ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠤᠩᠭᠤᠯ ᠡᠮᠨᠡᠯᠭᠡ ᠶᠢᠨ ᠡᠮᠴᠢᠯᠡᠭᠡᠨ ᠤ ᠲᠣᠬᠠᠶᠢᠯᠬᠠᠰᠡᠨ ᠠᠵᠢᠯ ᠤᠨ ᠨᠢᠷᠤᠭᠤᠪᠴᠢ ᠬᠦᠴᠤᠨ ᠢ ᠬᠦᠮᠤᠵᠢᠭᠦᠯᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠡᠴᠢᠯᠡᠵᠡᠢ᠃
       ᠬᠤᠷᠠᠯ ᠲᠡᠭᠦᠰᠣᠭ᠍ᠰᠠᠨ ᠤ ᠲᠠᠷᠠᠭ᠎ᠠ᠂ ᠡᠯ᠎ᠡ ᠲᠣᠰᠬᠠᠢ ᠮᠡᠷᠭᠡᠵᠢᠯᠲᠠᠳ ᠮᠠᠨ ᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠭᠠᠵᠠᠷ ᠲᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠭᠦᠯᠵᠤ᠂ ᠤᠯᠠᠭᠠᠨ ᠫᠷᠣᠹᠧᠰᠰᠣᠷ ᠲᠣᠰᠬᠠᠢ ᠮᠡᠷᠭᠡᠵᠢᠯᠲᠡᠨ ᠤ ᠪᠦᠯᠭᠦᠮ ᠢᠶᠠᠨ ᠳᠠᠭᠠᠭᠤᠯᠤᠨ ᠪᠡᠶ᠎ᠡ ᠪᠠᠷ ᠢᠶᠠᠨ ᠡᠪᠡᠳᠴᠢᠨ ᠦᠵᠡᠵᠦ᠂ ᠡᠪᠡᠳᠴᠢᠲᠡᠨ ᠨᠢᠭᠡᠪᠦᠷᠢ ᠶᠢᠨ ᠡᠪᠡᠳᠴᠢᠨ ᠤ ᠪᠠᠶᠢᠳᠠᠯ ᠢ ᠬᠦᠯᠢᠴᠡᠩᠭᠦᠢ ᠪᠠᠷ ᠠᠰᠠᠭᠤᠨ ᠯᠠᠪᠯᠡᠵᠤ᠂ ᠡᠪᠡᠳᠴᠢᠨ ᠤ ᠪᠠᠶᠢᠳᠠᠯ ᠢ ᠨᠢ ᠨᠠᠷᠢᠨ ᠨᠢᠮᠪᠡᠢ ᠣᠨᠣᠰᠢᠯᠡᠵᠤ᠂ ᠡᠪᠡᠳᠴᠢᠨ ᠤ ᠰᠢᠯᠳᠠᠭᠠᠨ ᠢ ᠨᠢ ᠵᠠᠳᠠᠯᠵᠤ᠂ ᠡᠮᠨᠡᠬᠦ ᠠᠷᠭ᠎ᠠ ᠶᠢ ᠨᠢ ᠲᠠᠨᠢᠯᠴᠠᠭᠤᠯᠬᠤ ᠶᠢᠨ ᠬᠠᠮᠲᠤ ᠡᠮ ᠤᠨ ᠵᠣᠷ ᠪᠢᠴᠢᠵᠤ ᠦᠭᠭᠦᠭᠰᠡᠨ ᠪᠦᠭᠡᠳ ᠡᠮᠴᠢᠯᠡᠭᠡᠨ ᠤ ᠲᠠᠰᠤᠭ ᠲᠤ ᠡᠪᠡᠳᠴᠢᠳᠠᠨ ᠳᠤ ᠵᠡᠭᠦᠦ ᠬᠠᠣᠡᠬᠤᠬᠤ᠂ ᠰᠤᠷᠤᠭᠤᠯ ᠲᠠᠯᠪᠢᠬᠤ ᠵᠠᠷᠭᠡ ᠮᠣᠩᠭᠤᠯ ᠡᠮᠨᠡᠯᠭᠡ ᠶᠢᠨ ᠣᠯᠠᠮᠵᠢᠯᠠᠯᠲᠤ ᠡᠮᠴᠢᠯᠡᠭᠡ ᠬᠢᠭᠰᠡᠨ ᠪᠠᠶᠢᠨ᠎ᠠ᠃ ᠡᠭᠦᠨ ᠤ ᠬᠠᠮᠲᠤ ᠪᠠᠶᠢᠩᠭᠤ ᠳᠣᠬᠢᠶᠡᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠣᠨᠣᠰᠢᠯᠠᠨ ᠵᠠᠰᠠᠬᠤ ᠠᠰᠠᠭᠤᠳᠠᠯ ᠪᠠ ᠡᠳᠤᠷ ᠲᠣᠳᠤᠮ ᠤᠨ ᠡᠷᠡᠭᠦᠯᠵᠢᠯ ᠤᠨ ᠮᠡᠳᠡᠯᠭᠡ ᠮᠡᠳᠡᠴᠠ ᠶᠢ ᠡᠪᠡᠳᠴᠢᠳᠡᠨ ᠨᠠᠷ ᠲᠤ ᠨᠠᠷᠢᠯᠢᠭ ᠲᠠᠶᠢᠯᠪᠤᠷᠢᠯᠠᠨ ᠦᠭᠴᠤ᠂ ᠡᠷᠡᠭᠦᠯ ᠮᠠᠨᠲᠤ  ᠶᠢᠨ ᠣᠶᠢᠯᠠᠭᠠᠡᠡᠳᠠᠬᠤᠨ ᠢ ᠤᠯᠠᠮᠵᠢᠯᠠᠨ᠂ ᠡᠷᠡᠭᠦᠯ ᠮᠠᠨᠲᠤ ᠶᠢᠨ ᠬᠡᠪ ᠪᠣᠯᠪᠠᠰᠤᠷᠠᠯ ᠢ ᠨᠢ ᠲᠡᠭᠡᠭᠰᠢᠯᠡᠭᠦᠯᠵᠤ᠂ ᠠᠷᠠᠳ ᠤᠯᠠᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃
       ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠨᠢ ᠨᠢᠭᠡ ᠡᠳᠤᠷ ᠬᠠᠭᠠᠰ᠂ ᠠᠯᠪᠠᠨ ᠵᠢᠷᠤᠮ ᠤᠨ ᠡᠮᠴᠢᠯᠡᠭᠡ ᠨᠢ ᠨᠢᠭᠡ ᠡᠳᠤᠷ ᠤᠨ ᠬᠤᠭᠤᠴᠠᠭ᠎ᠠ ᠲᠠᠢ ᠶᠠᠪᠤᠭᠳᠠᠵᠤ᠂ ᠶᠡᠷᠤ ᠪᠤᠰᠤ ᠶᠢᠨ ᠤᠳᠬ᠎ᠠ ᠠᠭᠤᠯᠭ᠎ᠠ ᠲᠠᠢ ᠠᠵᠢᠯᠯᠠᠭ᠎ᠠ ᠪᠣᠯᠪᠠ᠃ ᠡᠨᠡ ᠨᠢ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠮᠡᠷᠭᠡᠵᠢᠯ ᠤᠨ ᠲᠦᠰᠢᠭᠯᠡᠯ ᠤᠨ ᠨᠢᠭᠡᠴᠡ ᠪᠣᠯᠵᠤ᠂ ᠠᠷᠤ ᠬᠤᠷᠴᠢᠨ ᠬᠤᠰᠢᠭᠤᠨ ᠤ ᠮᠣᠩᠭᠤᠯ ᠡᠮᠨᠠᠯᠭᠡ ᠶᠢᠨ ᠬᠤᠷᠢᠶ᠎ᠠ᠂ ᠠᠯᠠᠱᠠ ᠠᠶᠢᠮᠠᠭ ᠤᠨ ᠮᠣᠩᠭᠤᠯ ᠡᠮᠨᠠᠯᠭᠡ ᠶᠢᠨ ᠬᠤᠷᠢᠶ᠎ᠠ᠂ ᠤᠷᠳᠤᠰ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠣᠯ ᠠᠶᠢᠮᠠᠭ ᠤᠨ ᠮᠣᠩᠭᠤᠯ ᠡᠮᠨᠠᠯᠭᠡ ᠶᠢᠨ ᠬᠤᠷᠢᠶ᠎ᠠ᠂ ᠬᠢᠩᠭᠠᠨ ᠠᠶᠢᠮᠠᠭ ᠤᠨ ᠮᠣᠩᠭᠤᠯ ᠡᠮᠨᠠᠯᠭᠡ ᠶᠢᠨ ᠬᠤᠷᠢᠶ᠎ᠠ᠂ ᠬᠤᠷᠴᠢᠨ ᠪᠠᠷᠠᠭᠤᠨ ᠭᠠᠷᠤᠨ ᠲᠤᠮᠳᠠᠲᠤ ᠬᠤᠰᠢᠭᠤᠨ ᠤ ᠮᠣᠩᠭᠤᠯ ᠡᠮᠨᠠᠯᠭᠡ ᠶᠢᠨ ᠬᠤᠷᠢᠶ᠎ᠠ᠂ ᠪᠠᠭᠠᠷᠢᠨ ᠪᠠᠷᠠᠭᠤᠨ ᠬᠤᠰᠢᠭᠤᠨ ᠤ ᠮᠣᠩᠭᠤᠯ ᠡᠮᠨᠠᠯᠭᠡ ᠶᠢᠨ ᠬᠤᠷᠢᠶ᠎ᠠ᠂ ᠬᠦᠯᠤᠨ ᠪᠣᠶᠢᠷ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠤᠯᠪᠣᠭᠠᠯᠠᠨ ᠶᠢᠰᠤᠨ ᠡᠮᠨᠡᠯᠭᠡ ᠶᠢᠨ ᠬᠤᠷᠢᠶ᠎ᠠ ᠬᠠᠮᠳᠤᠪᠠᠷ ᠲᠣᠭᠲᠠᠭᠠᠭᠰᠠᠨ 2024 ᠣᠨ ᠤ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢᠨ ᠪᠠᠷᠢᠮᠵᠢᠶᠠᠵᠢᠭᠤᠯᠤᠯᠲᠠ ᠶᠢᠨ ᠲᠦᠷᠤᠯ ᠵᠦᠢᠯ ︽ᠮᠤᠩᠭᠤᠯ ᠡᠮᠨᠡᠯᠭᠡ ᠶᠢᠨ ᠡᠮᠴᠢᠯᠡᠭᠡᠨ ᠤ ᠣᠨᠣᠰᠢᠯᠡᠨ ᠡᠮᠨᠡᠬᠦ ᠬᠦᠳᠦᠯᠪᠤᠷᠢ ᠶᠢ ᠳᠡᠯᠭᠡᠷᠡᠭᠦᠯᠤᠨ ᠬᠡᠷᠡᠭᠯᠡᠬᠦ︾ ᠲᠦᠷᠤᠯ  ᠵᠦᠢᠯ ᠤᠨ ᠴᠢᠬᠤᠯᠠ ᠡᠭᠦᠷᠭᠡ ᠪᠣᠯᠣᠨ᠎ᠠ᠃ ᠲᠣᠰ ᠲᠦᠷᠤᠯ ᠵᠦᠢᠯ ᠨᠢ ᠲᠠᠪᠤ ᠤᠳᠠᠭᠠᠨ ᠤ ᠮᠣᠩᠭᠤᠯ ᠡᠮᠨᠡᠯᠭᠡ ᠶᠢᠨ ᠡᠮᠴᠢᠯᠡᠭᠡᠨ ᠤ ᠣᠨᠣᠰᠢᠯᠡᠨ ᠡᠮᠨᠡᠬᠦ ᠬᠦᠲᠦᠯᠪᠦᠷᠢ ᠶᠢ ᠳᠡᠯᠭᠡᠷᠡᠭᠦᠯᠦᠨ ᠬᠡᠷᠡᠭᠯᠡᠬᠦ ᠪᠣᠯᠪᠠᠰᠤᠷᠠᠯ ᠢᠶᠠᠷ ᠳᠠᠮᠵᠢᠨ᠂ 27 ᠵᠦᠢᠯ ᠤᠨ ᠮᠣᠩᠭᠤᠯ ᠡᠮᠴᠢᠯᠡᠭᠡᠨ ᠤ ᠪᠦᠯᠬᠦᠮ ᠨᠡᠶᠢᠲᠡ ᠶᠢᠨ ᠪᠠᠷᠢᠮᠵᠢᠶ᠎ᠡ ᠶᠢ ᠪᠥᠬᠦ ᠣᠷᠣᠨ ᠳᠤ ᠥᠷᠭᠡᠨ ᠢᠶᠠᠷ ᠳᠡᠯᠭᠡᠷᠡᠭᠦᠯᠦᠨ ᠬᠡᠷᠡᠭᠯᠡᠬᠦ ᠪᠠᠷ ᠲᠦᠯᠦᠪᠯᠡᠵᠦ ᠪᠣᠢ᠃ ︵ᠵᠢᠪᠬᠤᠯᠠᠩ᠂ ᠥᠯᠵᠡᠶᠢᠭᠡᠰᠢᠭ᠂ ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号