9 ᠰᠠᠷ᠎ᠠ ᠶᠢᠨ 9 ᠤ ᠡᠳᠦᠷ᠂ ᠮᠠᠨ ᠤ ᠬᠤᠰᠢᠭᠤᠨ ᠤ ᠰᠤᠷᠭᠠᠨ ᠬᠥᠮᠥᠵᠢᠯ ᠤᠨ ᠰᠢᠰᠲ᠋ᠧᠮ ᠲᠦᠴᠢᠳᠡᠬᠢ | ᠪᠠᠭᠰᠢ ᠶᠢᠨ ᠪᠠᠶᠠᠷ ᠢ ᠪᠡᠯᠭᠡᠯᠡᠬᠦ ᠶᠡᠭᠡ ᠬᠤᠷᠠᠯ ᠬᠤᠷᠠᠯᠳᠤᠭᠤᠯᠵᠤ᠂ ᠰᠤᠷᠭᠠᠨ ᠬᠦᠮᠤᠵᠢᠯ ᠤᠨ ᠵᠢᠳᠭᠦᠯᠲᠠᠨ ᠤ ᠵᠣᠷᠢᠭ | ᠰᠠᠨᠠᠭ᠎ᠠ ᠶᠢ ᠶᠡᠭᠡᠪᠡᠷ ᠪᠠᠲᠠᠷᠠᠭᠤᠯᠤᠨ᠂ ᠦᠷᠭᠡᠨ ᠣᠯᠠᠨ ᠪᠠᠭᠰᠢ ᠨᠠᠷ ᠢ ᠪᠣᠳᠡᠳᠤ ᠠᠵᠢᠯᠯᠠᠭ᠎ᠠ ᠪᠠᠷ ᠢᠶᠠᠨ ᠰᠤᠷᠭᠠᠨ | ᠬᠥᠮᠤᠵᠢᠯ ᠤᠨ ᠬᠦᠴᠦᠷᠬᠡᠭ ᠤᠯᠤᠰ ᠤᠨ ᠪᠦᠳᠣᠭᠡᠨ ᠪᠠᠶᠢᠭᠤᠯᠤᠯᠲᠠ ᠶᠢ ᠠᠬᠢᠭᠤᠯᠵᠤ᠂ ᠴᠠᠭ ᠦᠶ᠎ᠡ ᠶᠢᠨ ᠶᠡᠭᠡ | ᠪᠠᠭᠰᠢ ᠪᠣᠯᠬᠤ ᠪᠠᠷ ᠴᠢᠷᠮᠠᠶᠢᠬᠤ ᠶᠢ ᠵᠣᠷᠢᠡᠡᠵᠢᠭᠤᠯᠵᠠᠢ᠃ ᠬᠤᠰᠢᠭᠤᠨ ᠰᠤᠷᠭᠠᠨ ᠬᠦᠮᠣᠵᠢᠯ ᠤᠨ ᠲᠣᠪᠴᠢᠶ᠎ᠠ᠂ | ᠰᠤᠷᠭᠠᠨ ᠬᠦᠮᠥᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠤᠳᠤᠷᠢᠳᠬᠤ ᠪᠠᠭ ᠤᠨ ᠭᠡᠰᠢᠭᠦᠨ᠂ ᠡᠯ᠎ᠡ | ᠲᠠᠰᠤᠭ ᠤᠨ ᠬᠠᠷᠢᠭᠤᠴᠠᠯᠭᠠᠳᠠᠨ ᠨᠥᠬᠦᠳ᠂ ᠡᠯ᠎ᠡ ᠰᠤᠷᠭᠠᠭᠤᠯᠢ ᠶᠢᠨ ᠱᠦᠵᠢ᠂ ᠰᠤᠷᠭᠠᠭᠤᠯᠢ ᠶᠢᠨ ᠵᠠᠬᠢᠷᠤᠯ | ᠬᠥᠬᠢᠭᠦᠯᠤᠯ ᠬᠦᠷᠳᠡᠭᠰᠠᠨ ᠪᠠᠭᠰᠢ ᠨᠠᠷ ᠬᠤᠷᠠᠯ ᠳᠤ ᠣᠷᠣᠯᠴᠠᠵᠤ᠂ ᠬᠤᠰᠢᠭᠤᠨ ᠵᠠᠰᠠᠭ ᠤᠨ ᠣᠷᠳᠤᠨ ᠤ ᠲᠡᠳ᠋ | ᠳᠠᠷᠤᠭ᠎ᠠ ᠲᠠᠩ ᠲᠢᠩ ᠲᠢᠩ ᠬᠤᠷᠠᠯ ᠳᠤ ᠣᠷᠣᠯᠴᠠᠵᠠᠢ᠃ | | | | ᠬᠤᠷᠠᠯ ᠳᠡᠭᠡᠷ᠎ᠡ ︽ᠳᠤᠮᠳᠠᠲᠤ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ ᠬᠤᠰᠢᠭᠤᠨ ᠤ | ᠨᠠᠮ ᠤᠨ ᠬᠤᠷᠢᠶ᠎ᠠ᠂ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠪᠠᠭᠰᠢ ᠶᠢᠨ ᠪᠠᠶᠠᠷ ᠤᠨ | ᠲᠣᠬᠤᠨᠢᠭᠤᠯᠬᠤ ᠵᠠᠬᠢᠳᠠᠯ︾ ᠢ ᠤᠩᠰᠢᠨ ᠨᠡᠶᠢᠳᠡᠯᠡᠪᠡ︔ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠠᠴᠠ ᠤᠷᠲᠤ ᠬᠤᠭᠤᠴᠠᠭᠠᠨ ᠤ ᠳᠤᠷᠰᠢ ᠪᠦᠬᠦ ᠬᠤᠰᠢᠭᠤᠨ ᠤ ᠰᠤᠷᠭᠠᠨ ᠬᠦᠮᠤᠵᠢᠯ ᠤᠨ ᠹᠷᠣᠨᠲ ᠲᠤ | ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭᠰᠠᠨ ᠥᠷᠭᠡᠨ ᠤᠯᠠᠨ ᠪᠠᠭᠰᠢ ᠪᠣᠯᠣᠨ ᠰᠤᠷᠭᠠᠨ ᠬᠦᠮᠣᠵᠢᠯ ᠤᠨ | ᠠᠵᠢᠯᠲᠠᠳ ᠲᠤ ᠪᠠᠶᠠᠷ ᠤᠨ ᠡᠳᠤᠷ ᠤᠨ ᠮᠠᠨᠳᠤᠴᠢᠯᠡᠯ ᠪᠠ ᠴᠢᠩ ᠰᠡᠳᠬᠢᠯ ᠤᠨ ᠬᠦᠰᠡᠯ ᠵᠦᠩᠨᠡᠯ ᠢᠶᠠᠨ | ᠲᠠᠪᠰᠢᠭᠦᠯᠪᠠ︔ ᠠᠷᠤ ᠬᠤᠷᠴᠢᠨ ᠬᠤᠰᠢᠭᠤᠨ ᠤ ᠰᠤᠷᠭᠠᠨ ᠬᠦᠮᠤᠵᠢᠯ ᠤᠨ ᠣᠶᠢᠯᠠᠰ ᠤᠨ ᠬᠦᠭᠵᠢᠯᠲᠠ ᠶᠢ | ᠬᠠᠯᠠᠮᠵᠢᠯᠠᠨ ᠲᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ ᠬᠦᠮᠤᠰ ᠲᠤ ᠴᠢᠩ ᠰᠡᠳᠭᠢᠯ ᠤᠨ ᠪᠠᠶᠠᠷ | ᠲᠠᠯᠠᠷᠬᠠᠯ ᠢᠶᠠᠨ ᠲᠡᠪᠰᠢᠭᠦᠯᠪᠠ᠃ | ᠬᠤᠷᠠᠯ ᠠᠴᠠ ᠰᠤᠷᠭᠠᠨ ᠬᠦᠮᠥᠵᠢᠯ ᠵᠢᠭᠠᠨ ᠰᠤᠷᠭᠠᠯᠲᠠ ᠶᠢᠨ ᠪᠠᠶᠢᠳᠠᠯ ᠢ ᠵᠠᠷᠯᠠᠨ ᠮᠡᠳᠡᠭᠳᠠᠵᠤ᠂ ᠬᠠᠮᠢᠶ᠎ᠠ | ᠪᠦᠬᠦᠢ ᠠᠵᠢᠯ ᠢ ᠳᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ᠂ ᠰᠤᠷᠭᠠᠨ ᠬᠦᠮᠤᠵᠢᠯ ᠤᠨ ᠠᠵᠢᠯ ᠤᠨ191 ᠨᠡᠷ᠎ᠡ | ᠲᠡᠷᠢᠭᠦᠨ ᠤ ᠬᠤᠪᠢ ᠬᠦᠮᠤᠨ᠂17 ᠲᠡᠷᠢᠭᠦᠨ ᠤ ᠬᠠᠮᠲᠤ ᠨᠡᠶᠢᠲᠡ ᠶᠢ ᠰᠠᠶᠢᠰᠢᠶᠠᠨ ᠬᠥᠬᠢᠭᠦᠯᠵᠦ᠂ ᠢᠷᠠᠭᠤ | ᠠᠯᠲᠠᠷ ᠤᠨ ᠦᠨᠡᠮᠯᠡᠯ ᠪᠠ ᠱᠠᠩᠨᠠᠯ ᠤᠨ ᠮᠧᠳᠠᠯ ᠭᠠᠷᠳᠠᠭᠤᠯᠪᠠ᠃ | ᠰᠢᠯᠢᠳᠡᠭ ᠪᠠᠭᠰᠢ ᠶᠢᠨ ᠲᠦᠯᠥᠭᠡᠯᠡᠭᠴᠢ᠂ ᠲᠡᠷᠢᠭᠦᠨ ᠤ ᠬᠠᠮᠲᠤ ᠨᠡᠶᠢᠲᠡ ᠶᠢᠨ ᠲᠦᠯᠥᠭᠡᠯᠡᠭᠴᠢ ᠠᠴᠠ | ᠣᠪᠣᠷ ᠢᠶᠠᠨ ᠢᠯᠡᠳᠭᠡᠬᠦ ᠦᠭᠡ ᠬᠡᠯᠡᠪᠡ᠃ | | | | ᠲᠠᠩ ᠲᠢᠩ ᠲᠢᠩ ᠴᠢᠬᠤᠯᠠᠴᠢᠯᠠᠬᠤ ᠳᠤ ᠪᠠᠨ᠂ ᠨᠠᠮ ᠤᠨ ᠰᠤᠷᠭᠠᠨ ᠬᠥᠮᠥᠵᠢᠯ ᠤᠨ ᠠᠵᠢᠯ ᠳᠠᠬᠢ ᠪᠥᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠵᠤ᠂ ᠰᠤᠷᠭᠠᠨ ᠬᠦᠮᠤᠵᠢᠯ ᠢ ᠡᠩ ᠲᠡᠷᠢᠭᠦᠨ ᠳᠤ | ᠬᠦᠭᠵᠢᠭᠦᠯᠬᠦ ᠶᠢ ᠢᠮᠠᠭᠲᠠ ᠪᠠᠷᠢᠮᠲᠠᠯᠠᠵᠤ᠂ ᠠᠮᠵᠢᠯᠲᠠ ᠪᠠᠨ ᠨᠣᠳᠠᠯᠠᠬᠤ ᠳᠤᠮᠳᠠ ᠢᠳᠡᠭᠡᠯ ᠵᠣᠷᠢᠭ ᠢᠶᠠᠨ | ᠪᠠᠲᠤᠳᠬᠠᠵᠤ᠂ ᠠᠰᠠᠭᠤᠳᠠᠯ ᠳᠤ ᠵᠥᠪ ᠢᠶᠠᠷ ᠬᠠᠨᠲᠤᠬᠤ ᠳᠤᠮᠲᠠ ᠬᠦᠴᠦᠯᠡᠴᠡ ᠪᠠᠨ ᠨᠡᠮᠡᠭᠳᠡᠭᠦᠯᠵᠤ᠂ ᠰᠢᠨ᠎ᠡ ᠴᠠᠭ | ᠦᠶ᠎ᠡ ᠶᠢᠨ ᠰᠤᠷᠭᠠᠨ ᠬᠦᠮᠤᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠤᠷᠭᠠᠨ | ᠬᠦᠮᠤᠵᠢᠯ ᠤᠨ ᠵᠢᠣᠡᠭᠦᠯᠳᠡᠨ ᠤ ᠵᠣᠷᠢᠭ ᠰᠠᠨᠠᠭ᠎ᠠ ᠶᠢ ᠶᠡᠬᠡᠪᠡᠷ ᠪᠠᠲᠠᠷᠠᠭᠤᠯᠵᠤ᠂ ᠰᠢᠯᠢᠳᠡᠭ ᠪᠠᠭᠰᠢ ᠶᠢᠨ ᠲᠠᠷᠢᠭᠦᠨ ᠤ | ᠦᠢᠯᠡ ᠠᠵᠢᠯᠯᠠᠭ᠎ᠠ ᠶᠢ ᠲᠠᠨᠢᠯᠴᠠᠭᠤᠯᠤᠨ ᠣᠬᠠᠭᠤᠯᠵᠤ᠂ ᠪᠠᠭᠰᠢ ᠶᠢᠨ ᠠᠵᠢᠯ᠂ ᠰᠤᠷᠤᠯᠴᠠᠯᠭ᠎ᠠ ᠪᠠ ᠠᠮᠢᠳᠤᠷᠠᠯ ᠢ | ᠣᠷᠬᠢᠯᠤᠮ᠎ᠠ ᠬᠠᠯᠠᠭᠤᠨ ᠰᠡᠳᠭᠢᠯᠭᠡ ᠪᠠᠷ ᠬᠠᠯᠠᠮᠵᠢᠯᠠᠨ᠂ ᠪᠠᠭᠰᠢ ᠳᠤ ᠲᠣᠯᠭᠠᠷᠬᠠᠰᠡᠨ ᠬᠦᠴᠢᠷ ᠠᠰᠠᠭᠤᠳᠠᠯ ᠢ ᠠᠷᠭ᠎ᠠ | ᠪᠥᠬᠦᠨ ᠢ ᠰᠦᠪᠡᠭᠴᠢᠯᠡᠨ ᠰᠢᠢᠣᠡᠪᠣᠷᠢᠯᠡᠵᠤ᠂ ᠪᠠᠭᠰᠢ ᠶᠢ ᠬᠦᠨᠳᠤᠳᠭᠡᠨ ᠰᠤᠷᠭᠠᠨ ᠬᠦᠮᠥᠵᠢᠯ ᠢ ᠴᠢᠬᠤᠯᠠᠴᠢᠯᠠᠬᠤ | ᠶᠠᠪᠤᠳᠠᠯ ᠢ ᠠᠷᠤ ᠬᠤᠷᠴᠢᠨ ᠬᠤᠰᠢᠭᠤᠨ ᠤ ᠬᠡᠪ ᠵᠠᠩᠰᠢᠯ ᠪᠣᠯᠭᠠᠬᠤ ᠬᠡᠷᠡᠭᠲᠡᠢ᠃ ᠦᠷᠭᠡᠨ ᠤᠯᠠᠨ ᠪᠠᠭᠰᠢ ᠨᠠᠷ | ᠪᠣᠯᠣᠨ ᠰᠤᠷᠭᠠᠨ ᠬᠦᠮᠤᠵᠢᠯ ᠤᠨ ᠠᠵᠢᠯᠲᠠᠳ ᠬᠦᠰᠡᠯᠠᠩ ᠢᠳᠡᠭᠡᠯ ᠪᠢᠰᠢᠷᠡᠯ ᠢᠶᠠᠨ ᠪᠠᠲᠤᠳᠬᠠᠵᠤ᠂ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠦᠢᠯᠡᠳᠤᠯᠭᠡᠵᠢᠭᠦᠯᠦᠨ᠂ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃ ᠬᠤᠰᠢᠭᠤᠨ | ᠨᠠᠮ ᠤᠨ ᠬᠤᠷᠢᠶ᠎ᠠ ᠪᠠ ᠵᠠᠰᠠᠭ ᠤᠨ ᠣᠷᠳᠤᠨ ᠦᠩᠭᠡᠷᠡᠭᠰᠡᠨ ᠲᠠᠢ ᠪᠠᠨ ᠠᠳᠠᠯᠢ ᠪᠠᠷ ᠪᠥᠬᠦ ᠬᠤᠰᠢᠭᠤᠨ ᠤ ᠰᠤᠷᠭᠠᠨ | ᠬᠥᠮᠤᠵᠢᠯ ᠤᠨ ᠬᠥᠭᠵᠢᠯᠲᠡ ᠶᠢᠨ ᠪᠠᠲᠤ ᠴᠢᠩᠭ᠎ᠠ ᠦᠮᠥᠭ ᠲᠦᠰᠢᠭ ᠪᠣᠯᠵᠤ᠂ ᠰᠤᠷᠭᠠᠨ ᠬᠦᠮᠥᠵᠢᠯ ᠢ ᠤᠷᠢᠳᠠᠪᠠᠷ | ᠬᠦᠭᠵᠢᠭᠦᠯᠬᠦ ᠶᠢ ᠢᠮᠬᠠᠳᠡ ᠪᠠᠷᠢᠮᠲᠠᠯᠠᠵᠤ᠂ ᠰᠤᠷᠭᠠᠨ ᠬᠦᠮᠤᠵᠢᠯ ᠤᠨ ᠰᠠᠭᠤᠷᠢ ᠶᠢ ᠬᠦᠴᠦᠯᠠᠨ ᠪᠠᠬᠢᠵᠢᠭᠦᠯᠵᠦ᠂ ᠶᠠᠰᠤ | ᠴᠢᠨᠠᠷ ᠢ ᠳᠡᠭᠡᠭᠰᠢᠯᠡᠭᠦᠯᠦᠨ᠂ ᠣᠷᠴᠢᠨ ᠨᠦᠭᠦᠴᠡᠯ ᠢ ᠰᠢᠯᠢᠳᠡᠭᠵᠢᠭᠦᠯᠵᠦ᠂ ᠪᠦᠬᠦ ᠬᠤᠰᠢᠭᠤᠨ ᠤ ᠰᠤᠷᠭᠠᠨ | ᠬᠥᠮᠣᠵᠢᠯ ᠤᠨ ᠦᠢᠯᠡᠰ ᠤᠨ ᠬᠥᠭᠵᠢᠯᠲᠠ ᠶᠢᠨ ᠰᠢᠨ᠎ᠡ ᠳᠡᠭᠳᠡᠷ ᠲᠤ ᠭᠠᠷᠴᠤ᠂ ᠰᠢᠨ᠎ᠡ ᠰᠢᠪᠲᠤᠯᠤᠯᠲᠠ ᠲᠠᠢ | ᠪᠣᠯᠬᠤ ᠶᠢ ᠬᠦᠴᠤ ᠪᠠᠨ ᠬᠠᠮᠲᠤᠳᠬᠠᠨ ᠠᠬᠢᠭᠤᠯᠬᠤ ᠪᠣᠯᠣᠨ᠎ᠠ ᠭᠡᠵᠡᠢ᠃ | | |