9 ᠰᠠᠷ᠎ᠠ ᠶᠢᠨ 9 — 10 ᠤ ᠡᠳᠤᠷ ᠪᠣᠯᠲᠠᠯ᠎ᠠ᠂ ᠤᠯᠠᠭᠠᠡᠬᠠᠳᠠ ᠬᠤᠲᠠ ᠶᠢᠨ ᠠᠷᠠᠳ ᠤᠨ | ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ | ᠵᠥᠪᠯᠡᠯ ᠤᠨ ᠡᠷᠬᠢᠯᠡᠭᠴᠢ ᠯᠢ ᠬᠠᠢ ᠹᠸᠡᠭ ᠨᠠᠷ ᠠᠷᠤ ᠬᠤᠷᠴᠢᠨ ᠬᠤᠰᠢᠭᠤᠨ ᠳᠤ ᠬᠦᠷᠴᠤ ︽ᠤᠯᠠᠭᠠᠡᠬᠠᠳᠠ | ᠬᠤᠲᠠ ᠶᠢᠨ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠲᠦᠷᠢᠮ ︵ᠲᠦᠰᠣᠯ︶︾ ᠤᠨ ᠲᠤᠬᠠᠢ ᠬᠠᠤᠯᠢ | ᠲᠣᠭᠲᠠᠭᠠᠬᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠪᠡ᠃ ᠬᠤᠰᠢᠭᠤᠨ ᠠᠷᠠᠳ ᠤᠨ | ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠵᠠᠩ ᠰᠢᠣᠢ ᠫᠧᠩ᠂ | ᠬᠤᠰᠢᠭᠤᠨ ᠠᠷᠠᠳ ᠤᠨ ᠵᠠᠰᠠᠭ ᠤᠨ ᠣᠷᠳᠤᠨ ᠤ ᠳᠡᠳ᠋ ᠳᠠᠷᠤᠭ᠎ᠠ ᠮᠦᠩᠭᠦᠬᠠᠭᠤᠯᠠ ᠪᠠᠶᠢᠴᠠᠭᠠᠨ ᠰᠤᠳᠤᠯᠤᠯᠲᠠ ᠳᠤ | ᠣᠷᠤᠯᠴᠠᠪᠠ᠃ | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠣᠷᠢᠳ ᠬᠤᠵᠢᠳ ᠪᠠᠶ᠋ᠬᠠᠦ᠋ᠡᠳᠣᠷ ᠰᠤᠮᠤᠨ ᠤ ᠬᠠᠷᠠᠨᠠᠭᠤᠷ | ᠭᠠᠴᠠᠭ᠎ᠠ᠂ ᠮᠠᠨᠢᠲᠤ ᠭᠠᠴᠠᠭ᠎ᠠ ᠳᠤ ᠭᠦᠨᠵᠡᠭᠡᠶᠢᠷᠠᠵᠤ᠂ ᠠᠷᠤ ᠬᠤᠷᠴᠢᠨ ᠬᠤᠰᠢᠭᠤᠨ ᠤ ᠠᠯᠳᠠᠨ ᠤᠯᠤᠰ ᠤᠨ ᠪᠣᠷᠣ | ᠬᠡᠷᠡᠮ ᠤᠨ ᠳᠠᠭᠠᠤ ᠬᠠᠷᠠᠨᠠᠭᠤᠷ ᠳᠠᠬᠢ 1 ᠳ᠋ᠣᠭᠡᠷ ᠨᠤᠮᠧᠷᠲᠤ ᠬᠢᠯᠢ ᠶᠢᠨ ᠪᠠᠬᠢᠯᠠᠯᠲᠠ ᠬᠤᠳᠠ ᠶᠢᠨ ᠪᠠᠶᠢᠳᠠᠯ᠂ | ᠮᠠᠨᠢᠲᠤ ᠶᠢᠨ ᠬᠦᠨᠲᠠᠢ ᠳᠠᠬᠢ 1 ᠳ᠋ᠣᠭᠡᠷ ᠨᠤᠮᠧᠷᠲᠤ ᠬᠢᠯᠢ ᠶᠢᠨ ᠪᠠᠬᠢᠯᠡᠯᠲᠠ ᠬᠤᠲᠠ ᠶᠢᠨ ᠪᠠᠶᠢᠳᠠᠯ ᠤᠨ ᠲᠤᠬᠠᠢ ᠲᠣᠰ | ᠲᠣᠰ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠳᠠᠨ ᠤ ᠬᠠᠷᠢᠭᠤ ᠮᠡᠳᠡᠭᠦᠯᠤᠯᠲᠠ ᠶᠢ ᠰᠤᠨᠣᠰᠴᠠᠢ᠃ | | | | ᠶᠠᠷᠢᠯᠴᠠᠬᠤ ᠬᠤᠷᠠᠯ ᠲᠡᠭᠡᠷ᠎ᠡ᠂ ᠮᠦᠩᠭᠦᠬᠠᠭᠤᠯᠠ ᠤᠷᠲᠤ ᠴᠠᠭᠠᠨ ᠭᠡᠷᠡᠮ ᠤᠨ ᠬᠠᠮᠠᠭᠠᠯᠠᠯᠲᠠ ᠶᠢᠨ | ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠤᠯᠲᠠ ᠬᠢᠪᠡ᠃ ᠬᠤᠷᠠᠯ ᠳᠤ ᠣᠷᠣᠯᠴᠠᠭᠰᠠᠳ ︽ | ᠤᠯᠠᠭᠠᠡᠬᠠᠳᠠ ᠬᠤᠲᠠ ᠶᠢᠨ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠲᠦᠷᠢᠮ ︵ᠲᠦᠰᠣᠯ︶︾ ᠳᠤ | ᠢᠳᠡᠪᠬᠢᠲᠡᠢ ᠪᠠᠷ ᠰᠠᠨᠠᠯ ᠰᠠᠨᠠᠭᠤᠯᠭ᠎ᠠ ᠲᠤᠷᠠᠳᠬᠤ ᠶᠢᠨ ᠬᠠᠮᠲᠤ ᠰᠠᠨᠠᠯ ᠢᠶᠠᠨ ᠰᠤᠯᠢᠯᠴᠠᠵᠤ ᠶᠠᠷᠢᠯᠴᠠᠭ᠎ᠠ ᠦᠷᠨᠢᠭᠦᠯᠪᠠ᠃ | | | | | ᠯᠢ ᠬᠠᠢ ᠹᠸᠡᠭ ᠮᠠᠨ ᠤ ᠬᠤᠰᠢᠭᠤᠨ ᠤ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠢ | ᠬᠦᠢᠴᠡᠳ ᠨᠤᠳᠠᠯᠠᠬᠤ ᠶᠢᠨ ᠬᠠᠮᠲᠤ ︽ᠤᠯᠠᠭᠠᠡᠬᠠᠳᠠ ᠬᠤᠳᠠ ᠶᠢᠨ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ | ᠲᠦᠷᠢᠮ ︵ᠲᠦᠰᠤᠯ︶︾ ᠨᠢ ᠠᠷᠤ ᠬᠤᠷᠴᠢᠨ ᠬᠤᠰᠢᠭᠤᠨ ᠤ ᠠᠯᠲᠠᠨ ᠤᠯᠤᠰ ᠤᠨ ᠪᠣᠷᠣ ᠬᠡᠷᠡᠮ ᠤᠨ ᠳᠠᠭᠠᠤ ᠶᠢ | ᠬᠠᠮᠠᠭᠠᠯᠠᠬᠤ ᠪᠠ ᠤᠯᠠᠮᠵᠢᠯᠡᠨ ᠵᠠᠯᠭᠠᠮᠵᠢᠯᠠᠬᠤ ᠳᠤ ᠲᠤᠶᠢᠯ ᠤᠨ ᠴᠢᠬᠤᠯᠠ ᠪᠠᠶᠢᠳᠠᠭ᠃ ᠤᠷᠲᠤ ᠴᠠᠭᠠᠨ ᠭᠡᠷᠡᠮ ᠤᠨ | ᠬᠠᠮᠠᠭᠠᠯᠠᠯᠲᠠ ᠶᠢᠨ ᠠᠵᠢᠯ ᠤᠨ ᠳᠤᠮᠲᠠ᠂ ᠬᠠᠤᠯᠢ ᠴᠠᠭᠠᠵᠠ ᠪᠠᠷ ᠬᠦᠳᠤᠯᠤᠨ ᠵᠢᠯᠤᠭᠤᠤᠡᠬᠤ ᠶᠢ ᠢᠳᠡᠪᠬᠢᠲᠡᠢ | ᠴᠢᠩᠭᠠᠳᠬᠠᠵᠤ᠂ ᠬᠠᠤᠯᠢ ᠴᠠᠭᠠᠵᠠ ᠶᠢ ᠬᠡᠷᠡᠭᠵᠢᠭᠦᠯᠬᠦ ᠡᠷᠴᠢᠮ ᠪᠠ ᠣᠬᠠᠭᠤᠯᠭ᠎ᠠ ᠬᠦᠮᠤᠵᠢᠯ ᠬᠢᠵᠦ | ᠲᠦᠭᠡᠮᠡᠯᠵᠢᠭᠦᠯᠬᠦ ᠶᠢ ᠴᠢᠬᠤᠯᠠᠴᠢᠯᠠᠵᠤ᠂ ᠪᠥᠬᠦ ᠨᠡᠶᠢᠭᠡᠮ ᠤᠨ ᠬᠠᠮᠠᠭᠠᠯᠠᠯᠲᠠ ᠶᠢᠨ ᠠᠭᠤᠷ ᠠᠮᠢᠰᠬᠤᠯ ᠢ ᠪᠣᠢ ᠪᠣᠯᠭᠠᠬᠤ | ᠬᠡᠷᠡᠭᠲᠡᠢ᠃ ᠪᠣᠬᠢᠷᠳᠤᠯ ᠦᠭᠡᠢ ᠪᠠᠷ ᠵᠠᠰᠠᠨ ᠰᠡᠷᠭᠦᠭᠡᠬᠦ ᠣᠶᠢᠯᠠᠭᠠᠡᠡᠳᠠᠬᠤᠨ ᠢ ᠴᠢᠩᠭᠠᠳᠬᠠᠵᠤ᠂ ᠤᠷᠲᠤ ᠴᠠᠭᠠᠨ | ᠬᠡᠷᠡᠮ ᠤᠨ ᠬᠠᠮᠠᠭᠠᠯᠠᠯᠲᠠ ᠪᠣᠯᠣᠨ ᠠᠮᠠᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠤᠶᠠᠯᠳᠤᠭᠤᠯᠵᠤ᠂ | ᠰᠢᠨᠵᠢᠯᠡᠬᠦ ᠤᠬᠠᠭᠠᠨᠴᠢ ᠪᠠᠷ ᠲᠦᠯᠤᠪᠵᠢᠭᠦᠯᠵᠦ᠂ ᠬᠠᠮᠠᠭᠠᠯᠠᠯᠲᠠ ᠶᠢᠨ ᠬᠡᠯᠪᠡᠷᠢ ᠳᠤ ᠢᠳᠡᠪᠬᠢᠲᠡᠢ ᠪᠠᠷ ᠰᠢᠨ᠎ᠡ ᠶᠢ | ᠡᠭᠦᠳᠬᠦ ᠬᠡᠷᠡᠭᠲᠡᠢ᠃ ᠤᠷᠲᠤ ᠴᠠᠭᠠᠨ ᠬᠡᠷᠡᠮ ᠤᠨ ᠠᠰᠢᠡᠡᠯᠠᠯᠳᠡ ᠶᠢ ᠴᠢᠩᠭᠠᠳᠬᠠᠵᠤ᠂ ᠣᠷᠳᠣ ᠴᠠᠭᠠᠨ ᠬᠡᠷᠡᠮ ᠤᠨ | ᠲᠡᠤᠬᠡ ᠰᠣᠶᠣᠯ ᠤᠨ ᠥᠪ ᠤᠨ ᠦᠨ᠎ᠡ ᠥᠷᠳᠡᠭ ᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠣᠶᠣᠯ | ᠵᠢᠭᠤᠯᠴᠢᠯᠡᠯ ᠤᠨ ᠠᠵᠤ ᠦᠢᠯᠡᠰ ᠤᠨ ᠠᠭᠤᠰᠤᠯᠴᠠᠯ ᠢ ᠢᠳᠡᠪᠬᠢᠲᠠᠢ ᠠᠬᠢᠭᠤᠯᠵᠤ᠂ ᠠᠷᠤ ᠬᠤᠷᠴᠢᠨ ᠬᠤᠰᠢᠭᠤᠨ ᠤ | ᠣᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠵᠠᠢ᠃ ︵ᠯᠢᠦ ᠰᠢᠨ ᠲᠢᠩ︶ |