ᠬᠤᠰᠢᠭᠤᠨ ᠤᠯᠤᠰ ᠲᠦᠷᠤ ᠶᠢᠨ ᠵᠥᠪᠯᠡᠯᠭᠡᠨ ᠤᠰᠤᠨ ᠤ ᠡᠬᠢ ᠪᠠᠶᠠᠯᠢᠭ ᠢ ᠠᠷᠪᠢᠯᠡᠵᠤ ᠡᠷᠴᠢᠮᠵᠢᠭᠦᠯᠣᠨ ᠠᠰᠢᠡᠡᠯᠠᠬᠤ ᠲᠣᠰᠬᠠᠢ ᠰᠡᠳᠣᠪᠳᠤ ᠵᠠᠰᠠᠭ ᠤᠨ ᠶᠡᠪᠣᠳᠡᠯ ᠳᠤ ᠵᠦᠪᠯᠡᠯᠭᠡ ᠥᠭᠬᠦ ᠠᠵᠢᠯᠯᠠᠭ᠎ᠠ ᠵᠣᠬᠢᠶᠠᠨ ᠪᠠᠶᠢᠭᠤᠯᠤᠨ ᠦᠷᠨᠢᠭᠦᠯᠪᠠ
ᠨᠡᠶᠢᠲᠡᠯᠡᠭᠰᠡᠨ ᠴᠠᠭ᠄
2024/9/12
       9 ᠰᠠᠷ᠎ᠠ ᠶᠢᠨ 9 — 10 ᠤ ᠡᠳᠤᠷ ᠪᠣᠯᠲᠠᠯ᠎ᠠ᠂ ᠠᠷᠤ ᠬᠤᠷᠴᠢᠨ ᠬᠤᠰᠢᠭᠤᠨ ᠤ ᠤᠯᠤᠰ ᠲᠦᠷᠤ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ︽ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠤᠨ  ᠠᠰᠢᠡᠡᠯᠠᠬᠤ︾ ᠶᠢᠨ ᠲᠣᠭᠤᠷᠢᠨ ᠳᠤ ᠲᠣᠰᠬᠠᠢ ᠰᠠᠲᠤᠪᠲᠤ ᠵᠠᠰᠠᠭ ᠤᠨ ᠶᠠᠪᠤᠳᠠᠯ ᠳᠤ ᠵᠥᠪᠯᠡᠯᠭᠡ ᠥᠭᠬᠦ ᠠᠵᠢᠯᠯᠠᠭ᠎ᠠ ᠵᠣᠬᠢᠶᠠᠨ ᠪᠠᠶᠢᠭᠤᠯᠵᠤ ᠦᠷᠨᠢᠭᠦᠯᠣᠨ᠂ ᠬᠤᠰᠢᠭᠤᠨ ᠣᠯᠤᠰ ᠲᠦᠷᠤ ᠶᠢᠨ ᠵᠦᠪᠯᠡᠯᠭᠡᠨ ᠤ ᠨᠠᠮ ᠤᠨ ᠣᠳᠣᠷᠢᠣᠡᠬᠤ ᠲᠤᠭᠤᠶᠢᠯᠠᠩ  ᠤᠨ ᠱᠦᠵᠢ᠂ ᠲᠠᠷᠢᠭᠦᠯᠡᠭᠴᠢ ᠰᠠᠷᠭᠦᠯᠠᠩ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠠᠷᠠᠳ ᠤᠨ ᠵᠠᠰᠠᠭ ᠤᠨ ᠤᠷᠳᠤᠨ ᠤ ᠲᠡᠳ᠋ ᠳᠠᠷᠤᠭ᠎ᠠ ᠶᠠᠩ ᠵᠢᠶᠧ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠬᠦᠸᠧ ᠳ᠋ᠦᠩ᠂ ᠬᠤᠰᠢᠭᠤᠨ ᠤᠯᠤᠰ ᠲᠥᠷᠤ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠸᠠᠩ ᠶᠢᠨ ᠪᠤᠤ᠂ ᠴᠧᠨ ᠢᠦᠢ ᠮᠢᠩ᠂ ᠢᠦᠢ ᠸᠧᠢ ᠬᠤᠸᠠ᠂ ᠣᠣᠡᠬᠤᠡᠪᠠᠶᠡᠷ᠂ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠭᠡᠰᠢᠭᠦᠨ᠂ ᠤᠬᠠᠭᠠᠨ ᠴᠢᠳᠡᠪᠤᠷᠢᠳᠡᠨ ᠤ ᠬᠥᠮᠣᠷᠭᠡ ᠶᠢᠨ ᠭᠡᠰᠡᠭ ᠪᠦᠷᠢᠯᠳᠤᠭᠦᠨ ᠪᠣᠯᠣᠨ ᠵᠠᠰᠠᠭ ᠤᠨ ᠶᠠᠪᠤᠳᠠᠯ ᠢ ᠵᠥᠪᠯᠡᠬᠦ ᠭᠤᠣᠯ ᠰᠡᠲᠤᠪ ᠲᠠᠢ ᠬᠠᠮᠢᠶ᠎ᠠ ᠪᠦᠬᠦᠢ ᠡᠭᠦᠷᠭᠡ ᠴᠢᠳᠡᠪᠤᠷᠢᠳᠤ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠠᠵᠢᠯᠯᠠᠭ᠎ᠠ ᠳᠤ ᠣᠷᠣᠯᠴᠠᠪᠠ᠃
      ᠤᠯᠤᠰ ᠲᠦᠷᠤ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶᠠᠨ ᠤ ᠬᠢᠨ ᠤᠷᠢᠳ ᠬᠤᠵᠢᠳ ᠪᠣᠬᠢᠷ ᠤᠰᠤ ᠶᠢ ᠠᠷᠭᠠᠴᠠᠭᠠᠨ ᠰᠢᠢᠣᠡᠪᠣᠷᠢᠯᠡᠬᠦ ᠭᠠᠵᠠᠷ᠂ ᠪᠠᠶᠠᠡᠬᠤᠸᠠ ᠤᠰᠤᠨ ᠴᠥᠭᠦᠷᠤᠮ ᠤᠨ ᠤᠰᠣᠯᠠᠯᠲᠠ ᠶᠢᠨ ᠣᠷᠣᠨ᠂ ᠰᠢᠨ ᠮᠢᠨ ᠰᠢᠶᠠᠩ ᠤᠨ ᠾᠧᠦ ᠳ᠋ᠧ ᠲᠣᠰᠬᠤᠨ ᠤ ᠦᠨᠳᠤᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠤᠯ ᠵᠦᠢᠯ ᠤᠨ ᠤᠷᠣᠨ᠂ ᠤᠯᠠᠭᠠᠡᠬᠠᠳᠠ ᠶᠢᠨ ᠫᠦ᠋ ᠷᠦᠢ ᠮᠠᠯ ᠲᠠᠷᠢᠶᠡᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠡᠭᠠᠷᠲᠤ ᠺᠣᠮᠫᠠᠨᠢ᠂ ᠵᠦᠩ ᠬᠤᠸᠠ ᠶᠢᠨ ᠲᠣᠰᠣᠯᠭᠠᠨ ᠤᠰᠣᠯᠠᠬᠤ ᠲᠤᠷᠰᠢᠯᠲᠠ ᠶᠢᠨ ᠲᠠᠷᠢᠶ᠎ᠠ᠂ ᠯᠢᠩ ᠶᠦᠨ ᠬᠠᠢ ᠰᠢᠬᠢᠷ ᠤᠨ ᠦᠢᠯᠡᠰ ᠤᠨ ᠰᠢᠨᠵᠢᠯᠡᠬᠦ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠨᠵᠡᠭᠡᠶᠢᠷᠠᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ᠂ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠬᠤ᠂ ᠰᠠᠨᠠᠯ ᠢᠶᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠤᠨ ᠠᠰᠢᠭᠯᠠᠵᠤ ᠪᠠᠶᠢᠭ᠎ᠠ ᠪᠠᠶᠢᠳᠠᠯ ᠢ ᠨᠠᠷᠢᠯᠢᠭ ᠣᠶᠢᠯᠠᠭᠠᠪᠠ᠃
       ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠤ ᠳᠠᠭᠤᠰᠤᠭᠰᠠᠨ ᠤ ᠳᠠᠷᠠᠭ᠎ᠠ᠂ ᠰᠡᠷᠭᠦᠯᠡᠠᠩ ᠬᠤᠰᠢᠭᠤᠨ ᠤᠯᠤᠰ ᠲᠦᠷᠣ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠤᠰᠤᠨ ᠤ ᠡᠬᠢ ᠪᠠᠶᠠᠯᠢᠭ ᠢ ᠠᠷᠪᠢᠯᠡᠵᠤ ᠡᠷᠴᠢᠮᠵᠢᠭᠦᠯᠤᠨ ᠠᠰᠢᠡᠡᠯᠠᠬᠤ︾ ᠶᠢᠨ ᠲᠤᠭᠤᠷᠢᠨ ᠳᠤ ᠲᠣᠰᠬᠠᠢ ᠰᠠᠲᠤᠪ ᠢᠶᠠᠷ ᠵᠠᠰᠠᠭ ᠤᠨ ᠶᠠᠪᠤᠳᠠᠯ ᠢ ᠵᠥᠪᠯᠡᠪᠠ᠃ ᠬᠤᠷᠠᠯ ᠳᠡᠭᠡᠷ᠎ᠡ᠂ ᠸᠠᠩ ᠶᠢᠨ ᠪᠤᠤ ︽ᠤᠰᠤᠨ ᠤ ᠡᠬᠢ ᠪᠠᠶᠠᠯᠢᠭ ᠢ ᠠᠷᠪᠢᠯᠡᠵᠤ ᠡᠷᠴᠢᠮᠵᠢᠭᠦᠯᠤᠨ ᠠᠰᠢᠡᠡᠯᠠᠬᠤ︾ ᠶᠢ ᠵᠥᠪᠯᠡᠬᠦ ᠰᠡᠲᠤᠪ ᠤᠨ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠤᠨ ᠲᠤᠬᠠᠢ ᠭᠤᠣᠯ ᠰᠡᠳᠤᠪᠲᠤ ᠶᠠᠷᠢᠶ᠎ᠠ ᠲᠠᠯᠪᠢᠵᠤ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ  ᠶᠢᠨ ᠲᠣᠪᠴᠢᠶ᠎ᠡ᠂ ᠠᠵᠤ ᠦᠢᠯᠡᠳᠪᠤᠷᠢ ᠮᠡᠳᠡᠭᠡ ᠵᠠᠩᠬᠢᠴᠢᠯᠡᠯᠲᠡ ᠪᠠ ᠰᠢᠡᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠡ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠤᠭᠡᠨ ᠪᠠᠶᠢᠭᠤᠯᠤᠯᠲᠠ ᠶᠢᠨ ᠲᠣᠪᠴᠢᠶ᠎ᠡ᠂ ᠡᠪᠡᠰᠦᠨ ᠤ  ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠ ᠬᠤᠲᠠ ᠬᠦᠳᠡᠭᠡ ᠶᠢᠨ ᠤᠰᠤᠨ ᠤ ᠶᠠᠪᠤᠳᠠᠯ ︵ᠪᠦᠯᠥᠭᠯᠡᠯ︶ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠨᠥᠬᠦᠳ ᠰᠠᠯᠠᠭ᠎ᠠ ᠮᠥᠴᠢᠷ ᠤᠨ ᠲᠣᠰᠢᠶᠠᠯ ᠬᠠᠷᠢᠭᠤᠴᠠᠯᠭ᠎ᠠ ᠶᠢᠨ ᠲᠠᠯ᠎ᠠ ᠠᠴᠠ ᠤᠯᠤᠰ ᠲᠦᠷᠤ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠳᠤ ᠬᠠᠷᠢᠭᠤ ᠮᠡᠳᠡᠭᠦᠯᠤᠯᠲᠠ ᠬᠢᠵᠤ᠂ ᠬᠤᠷᠠᠯ ᠳᠤ ᠣᠷᠣᠯᠴᠬᠠᠰᠡᠨ ᠤᠯᠤᠰ ᠲᠦᠷᠤ ᠶᠢᠨ ᠵᠦᠪᠯᠡᠯᠭᠡᠨ ᠤ ᠪᠠᠶᠢᠩᠭᠤ ᠶᠢᠨ ᠭᠡᠰᠢᠭᠦᠳ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠬᠦ᠂ ᠭᠠᠵᠠᠷ ᠳᠡᠭᠡᠷᠡᠬᠢ ᠤᠰᠤ ᠪᠠ ᠪᠣᠬᠢᠷ ᠤᠰᠤ ᠶᠢ ᠣᠷᠴᠢᠯ ᠲᠠᠢ ᠬᠡᠷᠡᠭᠯᠡᠬᠦ ᠦᠷ᠎ᠡ ᠪᠦᠲᠣᠮᠵᠢ ᠶᠢ ᠲᠡᠭᠡᠭᠰᠢᠯᠡᠭᠦᠯᠬᠦ᠂ ᠤᠯᠠᠨ ᠨᠡᠶᠢᠳᠡ ᠶᠢᠨ ᠤᠰᠤ ᠠᠷᠪᠢᠯᠠᠬᠤ ᠤᠬᠠᠮᠰᠠᠷ ᠢ ᠨᠡᠮᠡᠭᠳᠡᠭᠦᠯᠬᠦ ᠵᠠᠷᠭᠡ ᠳᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃
       ᠬᠤᠷᠠᠯ ᠳᠤ ᠣᠷᠣᠯᠴᠠᠭᠰᠠᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠮᠦ ᠭᠦᠸᠧ ᠳ᠋ᠦᠩ ᠢᠯᠡᠷᠭᠡᠶᠢᠯᠡᠭᠰᠡᠨ ᠨᠢ᠂ ᠣᠳᠣᠬᠠᠨ ᠳᠤ ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠤᠨ ᠬᠠᠩᠭᠠᠯᠭ᠎ᠠ  ᠬᠡᠷᠡᠭᠴᠡᠭᠡ ᠶᠢᠨ ᠵᠦᠷᠢᠴᠡᠯ ᠡᠳᠤᠷ ᠢᠷᠡᠭᠦᠶ᠎ᠡ ᠲᠣᠪᠣᠶᠢᠮ᠎ᠡ ᠪᠣᠯᠵᠤ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠠᠵᠢᠯ ᠢ ᠲᠦᠯᠣᠪᠵᠢᠭᠦᠯᠤᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠤᠰᠤ ᠶᠢ ᠠᠷᠪᠢᠯᠠᠨ ᠬᠡᠷᠡᠭᠯᠡᠬᠦ᠂ ᠤᠰᠤᠨ ᠠᠰᠢᠡᠡᠯᠠᠯᠳᠡ ᠶᠢ ᠲᠡᠷᠢᠭᠦᠨ ᠳᠤ ᠲᠠᠯᠪᠢᠬᠤ ᠦᠷᠭᠦᠯᠵᠢᠯᠡᠨ ᠬᠥᠭᠵᠢᠬᠦ ᠬᠥᠭᠵᠢᠯᠲᠡ ᠶᠢᠨ ᠣᠶᠢᠯᠠᠭᠠᠡᠡᠳᠠᠬᠤᠨ ᠢ ᠪᠠᠲᠤ ᠪᠠᠬᠢ ᠪᠣᠢ ᠪᠣᠯᠭᠠᠵᠤ᠂ ᠰᠢᠰᠲ᠋ᠧᠮᠳᠤ  ᠰᠡᠣᠡᠬᠢᠭᠦᠢ ᠶᠢ ᠪᠠᠷᠢᠮᠳᠠᠯᠠᠨ᠂ ᠪᠦᠬᠦ ᠬᠤᠰᠢᠭᠤᠨ ᠤ ᠳᠤᠯᠭᠠᠷᠠᠵᠤ ᠪᠠᠶᠢᠭ᠎ᠠ ︽ᠤᠰᠤᠨ ᠤ ᠬᠦᠴᠢᠷᠳᠡᠯ︾ ᠤᠨ ᠪᠠᠶᠢᠳᠡᠯ ᠢ ᠪᠥᠬᠦ ᠲᠠᠯ᠎ᠠ ᠠᠴᠠ ᠪᠤᠰᠤᠳᠴᠢ ᠪᠠᠷ ᠵᠠᠳᠠᠯᠵᠤ᠂ ᠤᠰᠤᠨ ᠤ ᠡᠬᠢ ᠪᠠᠶᠠᠯᠢᠭ ᠤᠨ ᠬᠤᠪᠢᠷᠠᠯᠲᠠ ᠶᠢᠨ ᠶᠡᠷᠤᠩᠬᠡᠢ ᠲᠡᠩᠰᠠ ᠶᠢ ᠰᠠᠶᠢᠲᠤᠷ ᠪᠣᠳᠤᠬᠤ ᠬᠡᠷᠡᠭᠲᠡᠢ︔ ᠤᠰᠤ ᠶᠢ ᠠᠷᠪᠢᠯᠡᠨ ᠬᠡᠷᠡᠭᠯᠡᠬᠦ ᠪᠠ ᠰᠢᠨᠵᠢᠯᠡᠬᠦ ᠤᠬᠠᠭᠠᠨᠴᠢ ᠬᠥᠭᠵᠢᠯᠲᠠ ᠶᠢᠨ ᠤᠶᠠᠯᠳᠤᠯ ᠴᠡᠭ  ᠢ ᠣᠨᠣᠪᠴᠢᠲᠠᠢ ᠡᠷᠢᠨ ᠣᠯᠵᠤ᠂ ︽ᠰᠢᠯᠤᠭᠤᠳᠬᠠᠬᠤ ᠪᠠ ᠬᠤᠷᠢᠭᠯᠠᠬᠤ ᠶᠢ ᠤᠶᠠᠯᠳᠤᠭᠤᠯᠬᠤ︾ ᠶᠢ ᠪᠠᠷᠢᠮᠳᠠᠯᠠᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ᠤᠰᠤᠨ ᠤ ᠡᠬᠢ ᠪᠠᠶᠠᠯᠢᠭ ᠢ ᠠᠰᠢᠡᠡᠯᠠᠬᠤ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ ᠶᠢ ᠬᠠᠶᠢᠨ ᠰᠦᠪᠡᠭᠴᠢᠯᠡᠬᠦ ᠬᠡᠷᠡᠭᠲᠡᠢ︔ ︽ᠵᠠᠰᠠᠬᠤ ᠪᠠᠶᠢᠭᠤᠯᠬᠤ ᠳᠤ ᠲᠣᠰᠠᠲᠠᠢ︾ ᠤᠰᠤᠨ ᠤ ᠠᠵᠢᠯ ᠢ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠤᠨ ᠠᠰᠢᠡᠡᠯᠠᠬᠤ ᠦᠷ᠎ᠡ ᠪᠦᠲᠣᠮᠵᠢ ᠪᠠ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠬᠡᠪᠡ᠃ ᠰᠡᠷᠭᠦᠯᠡᠩ ᠳ᠋ᠦᠩᠨᠡᠯᠲᠠ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠬᠤᠰᠢᠭᠤᠨ ᠤ ᠤᠯᠤᠰ ᠲᠦᠷᠤ ᠶᠢᠨ ᠵᠥᠪᠯᠡᠯᠭᠡᠨ ᠯᠠᠪᠳᠠᠭᠤᠨ ᠪᠠᠲᠤᠲᠠᠢ ᠪᠠᠶᠢᠴᠠᠭᠠᠨ ᠰᠤᠳᠤᠯᠤᠯᠲᠠ ᠬᠢᠵᠤ᠂ ᠦᠨᠲᠤᠷ ᠪᠦᠳᠣᠮᠵᠢᠳᠡᠢ ᠤᠰᠤ ᠠᠷᠪᠢᠯᠠᠬᠤ ᠲᠠᠷᠢᠶᠠᠯᠠᠩ᠂ ᠦᠨᠳᠣᠷ ᠪᠦᠲᠣᠮᠵᠢᠲᠡᠢ ᠤᠰᠤ ᠠᠷᠪᠢᠯᠠᠬᠤ ᠮᠡᠷᠭᠡᠵᠢᠯ ᠵᠡᠷᠭᠡ ᠭᠤᠣᠯᠳᠠᠯᠭ᠎ᠠ ᠲᠠᠢ ᠬᠦᠴᠢᠷ ᠠᠰᠠᠭᠤᠳᠠᠯ ᠤᠨ ᠲᠣᠭᠤᠷᠢᠨ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠬᠠᠮᠲᠤ ᠪᠠᠷ ᠶᠠᠷᠢᠯᠴᠠᠬᠤ᠂ ᠲᠣᠰᠬᠠᠢ ᠰᠤᠷᠪᠤᠯᠵᠢᠯᠠᠨ ᠶᠠᠷᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠶᠢ ᠶᠠᠷᠤᠩᠬᠡᠶᠢᠯᠡᠨ ᠠᠰᠢᠡᠡᠯᠠᠵᠣ᠂ ᠦᠨᠳᠦᠰᠤᠨ ᠱᠠᠲᠤ ᠪᠠ ᠨᠢᠭᠡᠳᠦᠭᠡᠷ ᠹᠷᠤᠨᠲ ᠠᠴᠠ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠣᠡᠪᠣᠷᠢᠯᠡᠬᠦ ᠶᠢᠨ ᠡᠬᠢ ᠰᠤᠷᠪᠤᠯᠵᠢ ᠶᠢ ᠡᠷᠢᠵᠤ ᠣᠯᠬᠤ ᠬᠡᠷᠡᠭᠲᠡᠢ︔ ᠤᠨᠢᠨ ᠳᠡᠭᠡᠷ᠎ᠡ ᠨᠢ ᠰᠠᠨᠠᠯ ᠰᠠᠨᠠᠭᠤᠯᠭ᠎ᠠ ᠲᠤᠷᠠᠳᠴᠤ᠂ ᠤᠯᠤᠰ ᠲᠦᠷᠤ ᠶᠢᠨ ᠵᠦᠪᠯᠡᠯᠭᠡᠨ ᠤ ︽ᠴᠢᠳᠠᠪᠤᠷᠢᠳᠠᠨ ᠤ ᠬᠥᠮᠣᠷᠭᠡ︾᠂ ︽ᠤᠬᠠᠭᠠᠨᠳᠠᠨ ᠤ ᠪᠦᠯᠭᠦᠮ︾ ᠤᠨ ᠳᠠᠪᠠᠭᠤᠯᠢᠭ ᠢ ᠪᠠᠲᠠᠷᠠᠭᠤᠯᠤᠨ ᠲᠠᠪᠴᠠᠩ ᠪᠠᠶᠢᠭᠤᠯᠵᠤ᠂ ᠲᠣᠰᠬᠠᠢ ᠮᠡᠷᠭᠡᠵᠢᠯᠲᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠭᠤᠴᠠᠯᠭᠠᠳᠠᠨ ᠠᠴᠠ ︽ᠨᠣᠮ ᠵᠠᠯᠠᠵᠤ︾᠂ ︽ᠬᠦᠴᠦᠨ ᠵᠠᠯᠭᠠᠬᠤ︾ ᠶᠢ ᠰᠤᠷᠤᠯᠴᠠᠬᠤ ᠬᠡᠷᠡᠭᠲᠡᠢ︔ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠡᠶᠢᠲᠡᠪᠤᠷᠢᠵᠢᠭᠤᠯᠵᠤ᠂ ᠤᠰᠤ ᠠᠷᠪᠢᠯᠠᠬᠤ ᠳᠦᠷᠢᠮ᠂ ᠳᠦᠷᠤ ᠶᠢᠨ ᠪᠣᠳᠣᠯᠭ᠎ᠠ᠂ ᠮᠡᠷᠭᠡᠵᠢᠯ᠂ ᠲᠣᠭᠲᠠᠴᠠ ᠳᠤ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠤᠩᠬᠡᠢ ᠬᠡᠮᠵᠢᠶ᠎ᠡ ᠶᠢ ᠴᠢᠩᠭ᠎ᠠ ᠡᠵᠡᠮᠲᠡᠨ᠂ ᠠᠵᠤ ᠦᠢᠯᠡᠣᠡᠪᠣᠷᠢ ᠶᠢᠨ ᠤᠰᠤ ᠠᠷᠪᠢᠯᠠᠬᠤ ᠲᠠᠯᠲᠠ ᠬᠦᠴᠦᠨ ᠢ ᠬᠦᠨᠵᠡᠭᠡᠢ ᠠᠭᠤᠳᠠᠯᠬᠤ ᠬᠡᠷᠡᠭᠲᠡᠢ᠃ ᠤᠯᠤᠰ ᠲᠦᠷᠤ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠵᠢᠴᠢ ᠭᠡᠰᠢᠭᠦᠳ ᠲᠡᠷᠭᠡᠳᠡᠬᠢ ᠬᠥᠮᠤᠰ ᠢᠶᠠᠨ ᠥᠷᠭᠡᠨ ᠳᠡᠯᠭᠡᠷᠡᠩᠭᠦᠢ ᠪᠠᠷ ᠲᠠᠶᠢᠴᠢᠯᠠᠨ ᠤᠰᠤᠨ ᠤ ᠡᠬᠢ ᠪᠡᠶᠠᠯᠢᠭ ᠢ ᠠᠷᠪᠢᠯᠠᠵᠤ ᠡᠷᠴᠢᠮᠵᠢᠭᠦᠯᠤᠨ ᠠᠰᠢᠡᠡᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠪᠥᠬᠦ ᠨᠠᠶᠢᠭᠡᠮ ᠤᠨ ᠤᠰᠤ ᠠᠷᠪᠢᠯᠠᠬᠤ ᠤᠬᠠᠮᠰᠠᠷ ᠢ ᠲᠡᠭᠡᠭᠰᠢᠯᠡᠭᠦᠯᠣᠨ᠂ ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠢ ᠠᠷᠪᠢᠯᠡᠵᠤ ᠡᠷᠴᠢᠮᠵᠢᠭᠦᠯᠦᠨ ᠠᠰᠢᠡᠡᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠬᠡᠪᠡ᠃
       ᠬᠤᠷᠠᠯ ᠤᠨ ᠳᠠᠷᠠᠭ᠎ᠠ ᠪᠠᠰᠠ ᠬᠤᠰᠢᠭᠤᠨ ᠤᠯᠤᠰ ᠲᠦᠷᠣ ᠶᠢᠨ ᠵᠥᠪᠯᠡᠯᠭᠡᠨ ᠤ ᠨᠠᠮ ᠤᠨ ᠣᠳᠣᠷᠢᠣᠡᠬᠤ ᠲᠤᠭᠤᠶᠢᠯᠠᠩ ᠤᠨ ᠤᠨᠣᠯ ᠰᠤᠷᠤᠯᠴᠠᠬᠤ ᠭᠤᠣᠯᠯᠬᠠᠴᠢ ᠲᠤᠭᠤᠶᠢᠯᠠᠩ ᠤᠨ ᠰᠤᠷᠣᠯᠴᠠᠯᠭ᠎ᠠ ᠶᠢᠨ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠲᠣᠰᠬᠠᠢ ᠰᠠᠲᠤᠪᠲᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠰᠢᠭᠤᠨ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠰᠬᠠᠢ ᠰᠡᠳᠣᠪᠳᠤ ᠰᠣᠷᠣᠯᠴᠠᠯᠭ᠎ᠠ ᠦᠷᠨᠢᠭᠦᠯᠪᠠ᠃ ︵ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号