ᠬᠠᠨ ᠲᠢᠩ ᠨᠡᠶᠢᠭᠡᠮ ᠳᠤᠭᠤᠷᠢᠭ ᠳᠥᠷᠪᠡᠳᠦᠭᠡᠷ ᠬᠤᠭᠤᠴᠠᠭᠠᠨ ᠤ ᠨᠡᠶᠢᠳᠡ ᠶᠢᠨ ᠠᠰᠠᠷᠠᠮᠵᠢ ᠶᠢᠨ ᠴᠤᠭᠯᠠᠭ᠎ᠠ ᠮᠠᠶᠢᠮᠠᠢ ᠵᠢᠴᠢ ᠨᠠᠢᠮᠡᠨ ᠰᠠᠷ᠎ᠠ ᠶᠢᠨ ᠲᠡᠷᠭᠡᠯ ᠪᠠᠶᠠᠷ ᠢ ᠬᠠᠮᠳᠣᠪᠠᠷ ᠪᠡᠯᠭᠡᠯᠡᠬᠦ ᠦᠨᠳᠦᠰᠦᠲᠡᠨ ᠤ ᠪᠦᠯᠭᠦᠮᠳᠡᠯ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/9/14
       9 ᠰᠠᠷ᠎ᠠ ᠶᠢᠨ 12 ᠤᠨ ᠡᠳᠦᠷ᠂ ᠬᠠᠨ ᠲᠢᠩ ᠨᠡᠶᠢᠭᠡᠮ ᠲᠣᠭᠤᠷᠢᠭ ᠤᠨ ᠳᠥᠷᠪᠡᠳᠦᠭᠡᠷ ᠬᠤᠭᠤᠴᠠᠭᠠᠨ ᠤ ᠨᠠᠶᠢᠲᠠ ᠶᠢᠨ ᠠᠰᠠᠷᠠᠮᠵᠢ ᠶᠢᠨ ᠴᠤᠭᠯᠠᠭ᠎ᠠ ᠮᠠᠶᠢᠮᠠᠢ ᠵᠢᠴᠢ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠬᠠᠮᠳᠣᠪᠡᠷ ᠪᠡᠯᠭᠡᠯᠡᠬᠦ ᠦᠨᠳᠦᠰᠣᠳᠡᠨ ᠤ ᠪᠦᠯᠭᠦᠮᠳᠡᠯ ᠤᠨ ᠠᠵᠢᠯᠯᠠᠭ᠎ᠠ ᠢ ᠮᠢᠨ B ᠰᠠᠭᠤᠭᠠᠯᠢ ᠲᠣᠭᠤᠷᠢᠭ ᠲᠤ ᠶᠠᠪᠤᠭᠲᠠᠪᠠ᠃
       ᠲᠣᠰ ᠤᠳᠠᠭᠠᠨ ᠤ ᠠᠵᠢᠯᠯᠠᠭ᠎ᠠ ᠨᠢ ᠨᠠᠢᠮᠠᠨ ᠰᠠᠷ᠎ᠠ ᠶᠢᠨ ᠲᠡᠷᠭᠡᠯ ᠪᠠᠶᠠᠷ ᠢᠶᠠᠷ ᠳᠣᠬᠢᠶᠠᠯ ᠪᠣᠯᠭᠠᠵᠤ᠂ ︽ᠨᠡᠶᠢᠳᠠ ᠶᠢᠨ ᠠᠰᠠᠷᠠᠮᠵᠢ ᠶᠢᠨ ᠴᠤᠭᠯᠠᠭ᠎ᠠ ᠮᠠᠶᠢᠮᠠᠢ ᠡᠷᠬᠢᠯᠡᠬᠦ + ᠤᠷᠠᠨ ᠰᠠᠶᠢᠬᠠᠨ ᠤ ᠲᠤᠭᠯᠠᠯᠲᠠ ᠭᠠᠷᠭᠠᠬᠤ︾ ᠬᠡᠯᠪᠡᠷᠢ ᠪᠠᠷ ᠰᠠᠭᠤᠭᠠᠯᠢ ᠠᠷᠠᠳ ᠤᠨ ᠣᠶᠣᠨ ᠤ ᠰᠣᠶᠣᠯ ᠤᠨ ᠠᠮᠢᠳᠤᠷᠠᠯ ᠢ ᠪᠠᠶᠠᠯᠢᠡᠡᠵᠢᠭᠤᠯᠬᠤ ᠶᠢᠨ ᠬᠠᠮᠲᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠲᠦᠷᠤ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠪᠤᠷᠢᠯᠠᠯᠲᠠ᠂ ᠠᠷᠠᠳ ᠲᠤ ᠲᠤᠰᠠᠯᠠᠬᠤ ᠦᠢᠯᠡᠴᠢᠯᠡᠭᠡ ᠪᠣᠯᠣᠨ ᠰᠣᠶᠣᠯ ᠤᠨ ᠵᠤᠭ᠎ᠠ ᠴᠡᠩᠬᠡᠯ ᠵᠡᠷᠭᠡ ᠡᠯ᠎ᠡ ᠲᠦᠷᠤᠯ ᠤᠨ ᠲᠥᠭᠦᠮ ᠬᠠᠩᠭᠠᠵᠤ᠂ ᠨᠡᠶᠢᠭᠡᠮ ᠲᠣᠭᠤᠷᠢᠭ ᠤᠨ ᠦᠨᠳᠣᠰᠣᠳᠠᠨ ᠤ ᠪᠦᠯᠭᠦᠮᠳᠡᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠠᠬᠤᠮ ᠬᠦᠨᠵᠡᠭᠡᠶᠢᠷᠡᠭᠦᠯᠤᠨ᠂ ᠪᠠᠶᠠᠷ ᠬᠦᠷ ᠲᠠᠢ᠂ ᠪᠣᠯᠪᠠᠰᠤᠨ᠂ ᠡᠶ᠎ᠡ ᠨᠠᠶᠢᠷᠳᠠᠢ ᠪᠠᠶᠠᠷ ᠤᠨ ᠡᠳᠤᠷ ᠤᠨ ᠠᠭᠤᠷ ᠠᠮᠢᠰᠬᠤᠯ ᠢ ᠪᠣᠢ ᠪᠣᠯᠭᠠᠵᠠᠢ᠃
       ᠠᠵᠢᠯᠯᠠᠭ᠎ᠠ ᠶᠢᠨ ᠲᠤᠬᠠᠢ ᠶᠢᠨ ᠳᠠᠯᠠᠪᠠᠢ ᠳᠤ᠂ ᠠᠯᠪᠠᠨ ᠵᠢᠷᠤᠮ ᠤᠨ ᠡᠷᠡᠭᠦᠯ ᠮᠠᠨᠲᠤ ᠶᠢᠨ ᠡᠮᠴᠢᠯᠡᠭᠡ ᠬᠢᠬᠦ᠂ ᠦᠰᠤ ᠵᠠᠰᠠᠬᠤ᠂ ᠲᠦᠷᠤ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠠᠷᠠᠳ ᠲᠤ ᠲᠥᠬᠦᠮ ᠦᠵᠡᠭᠦᠯᠬᠦ ᠦᠢᠯᠠᠴᠢᠯᠡᠭᠡ ᠬᠠᠩᠭᠠᠬᠤ᠂ ᠨᠡᠶᠢᠳᠡ ᠶᠢᠨ ᠠᠰᠠᠷᠠᠮᠵᠢ ᠶᠢᠨ ᠬᠤᠳᠠᠯᠳᠤᠭ᠎ᠠ ᠬᠢᠬᠦ ᠵᠡᠷᠭᠡ 10 ᠭᠠᠷᠤᠢ ᠦᠢᠯᠡᠴᠢᠯᠡᠭᠡᠨ ᠤ ᠲᠦᠷᠤᠯ ᠵᠦᠢᠯ ᠢ ᠲᠣᠬᠢᠷᠠᠭᠤᠯᠵᠤ᠂ ᠨᠠᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠡᠯ᠎ᠡ ᠲᠠᠯ᠎ᠠ ᠶᠢᠨ ᠱᠠᠭᠠᠷᠳᠠᠯᠭ᠎ᠠ ᠶᠢ ᠭᠦᠢᠴᠡᠣᠨ ᠬᠠᠩᠭᠠᠪᠠ᠃ ᠰᠠᠭᠤᠭᠠᠯᠢ ᠠᠷᠠᠳ ᠲᠣᠰ ᠪᠡᠶ᠎ᠡ ᠶᠢᠨ ᠢᠶᠠᠨ ᠬᠡᠷᠡᠭᠴᠡᠭᠡ ᠱᠠᠭᠠᠷᠳᠡᠯᠭ᠎ᠠ ᠶᠢ ᠦᠨᠲᠦᠰᠤᠯᠠᠨ᠂ ︽ᠡᠭᠦᠲᠡᠨ ᠡᠮᠣᠨᠡᠬᠢ︾ ᠳᠣᠲᠣᠨᠤ ᠦᠢᠯᠡᠴᠢᠯᠡᠭᠡ ᠶᠢ ᠡᠳ᠋ᠯᠡᠵᠦ᠂ ᠨᠢᠭᠡᠨ ᠤᠳᠠᠭᠠᠨ ᠤ ᠤᠳᠬ᠎ᠠ ᠠᠭᠤᠯᠭ᠎ᠠ ᠲᠡᠭᠦᠯᠲᠠᠷ ᠥᠪᠡᠷᠮᠢᠴᠠ ᠠᠵᠢᠯᠯᠠᠭ᠎ᠠ ᠪᠣᠯᠣᠭᠰᠠᠨ ᠪᠠᠶᠢᠨ᠎ᠠ᠃
       ᠠᠵᠢᠯᠯᠠᠭ᠎ᠠ ᠳᠤ ᠨᠡᠶᠢᠲᠡ 500 ᠭᠠᠷᠤᠢ ᠬᠤᠪᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠢ ᠶᠢᠨ ᠲᠠᠯᠠᠪᠠᠢ ᠳᠤ 100 ᠭᠠᠷᠤᠢ ᠬᠥᠮᠤᠨ ᠤᠳᠠᠭ᠎ᠠ ᠶᠢᠨ ᠠᠰᠠᠭᠤᠨ  ᠯᠠᠪᠯᠠᠯᠳᠡ ᠶᠢᠨ ᠦᠢᠯᠡᠴᠢᠯᠡᠭᠡ ᠬᠠᠩᠭᠠᠨ᠂ 600 ᠭᠠᠷᠤᠢ ᠬᠤᠪᠢ ᠲᠦᠷᠣ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 300 ᠭᠠᠷᠤᠢ ᠬᠦᠮᠤᠨ ᠤᠲᠠᠭᠠᠨ ᠤ ᠲᠦᠷᠤ ᠶᠢᠨ ᠪᠣᠳᠣᠯᠭ᠎ᠠ ᠶᠢᠨ ᠠᠰᠠᠭᠤᠨ ᠯᠠᠪᠯᠠᠯᠲᠠ ᠶᠢ ᠬᠦᠯᠢᠶᠡᠪᠡ᠃ ᠠᠯᠪᠠᠨ ᠵᠢᠷᠤᠮ ᠤᠨ ᠡᠷᠡᠭᠦᠯ ᠮᠠᠨᠳᠣ ᠶᠢᠨ ᠡᠮᠴᠢᠯᠡᠭᠡ ᠨᠢ 60 ᠬᠥᠮᠤᠨ ᠤᠳᠠᠭ᠎ᠠ ᠳᠤ ᠠᠰᠢᠭ ᠬᠦᠷᠲᠡᠭᠡᠨ᠂ ᠠᠯᠪᠠᠨ ᠵᠢᠷᠤᠮ ᠤᠨ ᠦᠰᠤ ᠵᠠᠰᠠᠬᠤ ᠦᠢᠯᠡᠴᠢᠯᠡᠭᠡ ᠨᠢ 40 ᠬᠥᠮᠤᠨ ᠤᠳᠠᠭ᠎ᠠ ᠳᠤ ᠦᠢᠯᠡᠴᠢᠯᠡᠭᠡ ᠬᠠᠩᠭᠠᠪᠠ᠃ ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠳᠤᠮᠳᠠ ᠰᠠᠭᠤᠭᠠᠯᠢ ᠠᠷᠠᠳ ᠲᠤ ᠶᠧᠪᠠᠩ ᠪᠣᠭᠤᠷᠰᠤᠭ ᠬᠤᠪᠢᠶᠠᠨ ᠪᠠᠯᠡᠭᠯᠠᠵᠤ᠂ ᠨᠡᠶᠢᠳᠠ 400 ᠭᠠᠷᠤᠢ ᠬᠤᠪᠢ ᠲᠠᠷᠬᠠᠭᠠᠪᠠ᠃
               ᠲᠣᠰ ᠤᠳᠠᠭᠠᠨ ᠤ ᠨᠡᠶᠢᠳᠡ ᠶᠢᠨ ᠠᠰᠠᠷᠠᠮᠵᠢ ᠶᠢᠨ ᠴᠤᠭᠯᠠᠭ᠎ᠠ ᠮᠠᠶᠢᠮᠠᠢ ᠶᠢᠨ ᠠᠵᠢᠯᠯᠠᠭ᠎ᠠ ᠨᠢ 2 ᠴᠠᠭ ᠰᠢᠬᠠᠮ ᠦᠷᠭᠦᠯᠵᠢᠯᠠᠨ ᠶᠠᠪᠤᠭᠳᠠᠵᠤ᠂ ᠦᠷᠭᠡᠨ ᠤᠯᠠᠨ ᠰᠠᠭᠤᠭᠠᠯᠢ ᠠᠷᠠᠳ ᠲᠤ ᠰᠡᠳᠭᠢᠯ ᠢ ᠲᠤᠯᠠᠭᠠᠴᠠᠭᠤᠯᠬᠤ ᠦᠢᠯᠡᠴᠢᠯᠡᠭᠡ ᠬᠦᠷᠲᠡᠭᠡᠬᠦ ᠶᠢᠨ ᠬᠠᠮᠲᠤ᠂ ᠨᠡᠩ ᠤᠯᠠᠨ ᠰᠠᠭᠤᠭᠠᠯᠢ ᠠᠷᠠᠳ᠂ ᠨᠡᠶᠢᠭᠡᠮ ᠲᠣᠭᠤᠷᠢᠭ ᠤᠨ ᠬᠤᠷᠰᠢᠭᠴᠢ ᠤᠯᠠᠨ ᠤ ᠠᠩᠬᠠᠷᠤᠯ ᠢ ᠲᠡᠳᠡᠨ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠳᠤ ᠣᠷᠤᠯᠴᠠᠭᠤᠯᠵᠤ᠂ ᠦᠨᠳᠤᠰᠤᠨ ᠱᠠᠲᠤᠨ ᠤ ᠵᠠᠰᠠᠯᠲᠠ ᠶᠢᠨ ᠠᠵᠢᠯ ᠤᠨ ᠰᠢᠨ᠎ᠡ ᠬᠦᠳᠡᠯᠭᠡᠭᠴᠢ ᠬᠦᠴᠦᠨ ᠶᠢ ᠬᠥᠭᠵᠢᠭᠡᠪᠡ᠃        ᠬᠠᠨ ᠲᠢᠩ ᠨᠡᠶᠢᠭᠡᠮ ᠲᠣᠭᠤᠷᠢᠭ ᠨᠢ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠠᠨ ᠰᠠᠶᠢᠲᠤᠷ ᠠᠩᠬᠠᠷᠴᠤ᠂ ᠬᠠᠷᠢᠶ᠎ᠠ ᠣᠷᠣᠨ ᠤ ᠪᠠᠨ ᠡᠬᠢ ᠪᠠᠶᠠᠯᠢᠭ ᠢ ᠢᠳᠡᠪᠬᠢᠲᠠᠢ ᠴᠥᠷᠭᠡᠯᠡᠭᠦᠯᠵᠦ᠂ ᠠᠵᠢᠯᠯᠠᠭ᠎ᠠ ᠪᠠᠷ ᠠᠷᠠᠳ ᠤᠨ ᠰᠡᠳᠭᠢᠯ ᠢ ᠨᠢᠭᠳᠠᠷᠠᠭᠤᠯᠤᠨ᠂ ᠦᠢᠯᠠᠴᠢᠯᠡᠭᠡ ᠪᠠᠷ ᠠᠷᠠᠳ ᠤᠨ ᠰᠡᠣᠡᠬᠢᠯ ᠢ ᠲᠤᠯᠠᠭᠠᠴᠠᠭᠤᠯᠵᠤ᠂ ᠰᠠᠭᠤᠭᠠᠯᠢ ᠠᠷᠠᠳ ᠤᠨ ᠭᠡᠷ ᠠᠴᠠ ᠪᠠᠨ ᠭᠠᠷᠴᠤ ᠨᠡᠶᠢᠭᠡᠮ ᠲᠣᠭᠤᠷᠢᠭ ᠲᠠᠢ ᠪᠠᠨ ᠠᠭᠤᠰᠤᠯᠴᠠᠬᠤ ᠶᠢ ᠬᠦᠲᠤᠯᠤᠨ ᠳᠠᠭᠠᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠤᠨ ᠨᠠᠷᠢᠯᠢᠭ ᠤᠨ ᠬᠡᠮᠵᠢᠶ᠎ᠠ ᠪᠣᠯᠣᠨ ᠰᠠᠭᠤᠭᠠᠯᠢ ᠠᠷᠠᠳ ᠤᠨ ᠨᠢᠭᠲᠠᠷᠠᠯ ᠤᠨ ᠬᠦᠴᠦᠨ ᠤ ︽ᠬᠤᠤᠰ  ᠲᠡᠭᠡᠭᠰᠢᠯᠡᠯᠳᠡ︾ ᠲᠠᠢ ᠪᠣᠯᠬᠤ ᠶᠢ ᠠᠬᠢᠭᠤᠯᠬᠤ ᠪᠣᠯᠣᠨ᠎ᠠ᠃ ︵ᠣᠷᠭᠤᠮᠠᠯ᠂ ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号