ᠠᠷᠤ ᠬᠤᠷᠴᠢᠨ ᠬᠤᠰᠢᠭᠤᠨ ᠤ ᠨᠠᠮ ᠤᠨ ᠰᠤᠷᠭᠠᠭᠤᠯᠢ ︽ᠨᠠᠮ ᠤᠨ ᠰᠣᠷᠭᠠᠭᠤᠯᠢ ᠶᠢᠨ ᠨᠣᠮ ᠤᠩᠰᠢᠬᠤ ᠠᠩᠬᠢ ︵ᠬᠤᠷᠡᠯ︶ ᠶᠢᠨ 2024 ᠣᠨ ᠤ ᠳᠤᠯᠣᠳᠤᠭᠠᠷ ᠬᠤᠭᠤᠴᠠᠭᠠᠨ ᠤ ᠰᠦᠯᠵᠢᠶᠡᠨ ᠭᠠᠳᠠᠨᠠᠬᠢ ᠰᠣᠯᠢᠯᠴᠠᠭ᠎ᠠ︾ ᠶᠢᠨ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2024/9/14
       9 ᠰᠠᠷ᠎ᠠ ᠶᠢᠨ 12 ᠤᠨ ᠡᠳᠣᠷ᠂ ᠶᠡᠷᠤᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠭᠡᠢ ᠦᠢᠯᠡᠳᠤᠯᠭᠡᠵᠢᠭᠦᠯᠵᠦ᠂ ᠨᠠᠮ ᠤᠨ ᠰᠤᠷᠭᠠᠭᠤᠯᠢ ᠶᠢᠨ ᠨᠠᠮ ᠳᠤ ᠴᠢᠳᠡᠪᠤᠷᠢᠳᠠᠨ ᠬᠦᠮᠥᠵᠢᠭᠦᠯᠬᠦ᠂ ᠨᠠᠮ ᠳᠤ ᠠᠷᠭ᠎ᠠ ᠤᠬᠠᠭᠠᠨ ᠡᠷᠭᠦᠬᠦ ᠴᠢᠳᠠᠮᠵᠢ ᠶᠢ ᠨᠡᠩ ᠪᠦᠲᠣᠮᠵᠢᠲᠠᠢ᠂  ᠨᠡᠩ  ᠪᠣᠳᠠᠲᠠᠶᠢᠴᠢᠯᠠᠨ  ᠪᠠᠲᠠᠷᠠᠭᠤᠯᠬᠤ  ᠶᠢᠨ  ᠲᠦᠯᠥᠭᠡ᠂ ᠠᠷᠤ ᠬᠤᠷᠴᠢᠨ ᠬᠤᠰᠢᠭᠤᠨ ᠤ ᠨᠠᠮ ᠤᠨ ᠰᠤᠷᠭᠠᠭᠤᠯᠢ ︽ᠨᠠᠮ ᠤᠨ ᠰᠤᠷᠭᠠᠭᠤᠯᠢ ᠶᠢᠨ ᠨᠣᠮ ᠤᠩᠰᠢᠬᠤ ᠠᠩᠬᠢ ︵ᠬᠤᠷᠠᠯ︶ ᠶᠢᠨ 2024 ᠣᠨ ᠤ ᠳᠤᠯᠣᠳᠤᠭᠠᠷ ᠬᠤᠭᠤᠴᠠᠭᠠᠨ ᠤ ᠰᠦᠯᠵᠢᠶᠠᠨ ᠭᠠᠳᠠᠨᠠᠬᠢ ᠰᠣᠯᠢᠯᠴᠠᠭ᠎ᠠ︾ ᠶᠢᠨ ᠠᠵᠢᠯᠯᠠᠭ᠎ᠠ ᠡᠷᠬᠢᠯᠡᠪᠡ᠃
       8 ᠰᠠᠷ᠎ᠠ ᠶᠢᠨ 15 — 9 ᠰᠠᠷ᠎ᠠ ᠶᠢᠨ 12 ᠤᠨ ᠡᠳᠦᠷ ᠪᠣᠯᠲᠠᠯ᠎ᠠ᠂ ᠨᠠᠮ ᠤᠨ ᠰᠤᠷᠭᠠᠭᠤᠯᠢ ᠶᠢᠨ ᠨᠣᠮ ᠤᠩᠰᠢᠬᠤ ᠠᠩᠬᠢ ᠨᠢ ᠬᠤᠰᠢᠭᠤᠨ ᠰᠤᠷᠭᠠᠨ ᠬᠥᠮᠤᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠲᠠᠢ ᠬᠠᠮᠳᠤᠷᠠᠨ ᠭᠡᠷ ᠪᠦᠯᠢ ᠶᠢᠨ ᠰᠤᠷᠭᠠᠨ ᠬᠦᠮᠤᠵᠢᠯ ᠤᠨ ᠲᠠᠯ᠎ᠠ ᠶᠢᠨ ᠲᠣᠰᠬᠠᠢ ᠮᠡᠷᠭᠡᠵᠢᠯ ᠤᠨ ᠨᠣᠮ ᠪᠣᠯᠬᠤ ︽ᠬᠡᠣᠬᠡᠣᠨ ᠬᠦᠮᠣᠵᠢᠭᠦᠯᠬᠦ ᠳᠤ ᠠᠷᠭ᠎ᠠ ᠤᠬᠠᠭᠠᠨ ᠬᠡᠷᠡᠭᠲᠡᠢ︾ ᠭᠡᠬᠦ ᠨᠣᠮ ᠢ ᠤᠩᠰᠢᠪᠠ᠃ 12 ᠤᠨ ᠣᠷᠣᠢ᠂ ᠨᠣᠮ ᠤᠩᠰᠢᠬᠤ ᠠᠩᠭᠢ ᠪᠣᠯᠣᠨ ᠵᠢᠭᠠᠬᠤ ᠶᠢ ᠰᠤᠳᠤᠯᠬᠤ ᠲᠥᠪ ᠤᠨ ᠭᠡᠷ ᠪᠦᠯᠢ ᠶᠢᠨ ᠰᠤᠷᠭᠠᠨ ᠬᠥᠮᠤᠵᠢᠯ ᠤᠨ ᠲᠣᠰᠬᠠᠢ ᠮᠡᠷᠭᠡᠵᠢᠯᠲᠠᠳ ᠬᠠᠮᠲᠤ ᠪᠠᠷ ᠨᠣᠮ ᠤᠩᠰᠢᠯᠭ᠎ᠠ ᠶᠢᠨ ᠰᠦᠯᠵᠢᠶᠠᠨ ᠭᠠᠲᠠᠨᠠᠬᠢ ᠰᠤᠯᠢᠯᠴᠠᠭᠠᠨ ᠤ ᠠᠵᠢᠯᠯᠠᠭ᠎ᠠ ᠦᠷᠨᠢᠭᠦᠯᠵᠤ᠂ ᠨᠣᠮ ᠤᠩᠰᠢᠭᠰᠠᠨ ᠲᠦᠷᠥᠭᠳᠡᠯ ᠢᠶᠠᠨ ᠬᠤᠪᠢᠶᠠᠯᠴᠠᠨ᠂ ᠨᠢᠭᠤᠷᠲᠡᠨ ᠵᠣᠭᠤᠭᠳᠠᠵᠤ᠂ ᠰᠠᠨᠠᠯ ᠪᠣᠳᠣᠯ ᠢᠶᠠᠨ ᠭᠦᠢᠴᠡᠳ ᠰᠤᠯᠢᠯᠴᠠᠪᠠ᠃
       ᠬᠤᠷᠠᠯ ᠳᠤ ᠣᠷᠣᠯᠴᠬᠠᠰᠡᠣᠨ ᠢᠯᠡᠷᠭᠡᠶᠢᠯᠡᠬᠦ ᠳᠡᠭᠡᠨ᠂ ᠤᠩᠰᠢᠭᠰᠠᠨ ᠢᠶᠠᠨ ᠬᠤᠪᠢᠶᠠᠯᠴᠠᠬᠤ᠂ ᠠᠬᠤᠢ ᠳᠠᠯᠠᠪᠠᠢ ᠳᠤ ᠰᠤᠯᠢᠯᠴᠠᠭ᠎ᠠ ᠦᠷᠨᠢᠭᠦᠯᠬᠦ ᠪᠠᠷ ᠲᠠᠮᠵᠢᠨ ᠤᠯᠠᠨ ᠳᠤ ᠭᠡᠷ ᠪᠦᠯᠢ ᠶᠢᠨ ᠬᠦᠮᠤᠵᠢᠯ ᠤᠨ ᠦᠨᠡᠨ ᠬᠦ ᠬᠡᠷᠡᠭᠵᠢᠭᠦᠯᠵᠤ ᠪᠣᠯᠠᠬᠤᠶᠢᠴᠠ ᠠᠵᠢᠯᠯᠠᠬᠤ ᠠᠷᠭ᠎ᠠ ᠶᠢ ᠬᠠᠩᠭᠠᠵᠤ᠂ ᠣᠯᠠᠨ ᠤ ᠭᠡᠷ ᠪᠦᠯᠢ ᠶᠢᠨ ᠬᠦᠮᠣᠵᠢᠯ ᠤᠨ ᠬᠢᠷᠢ ᠲᠦᠪᠰᠢᠨ ᠢ ᠲᠡᠭᠡᠭᠰᠢᠯᠡᠭᠦᠯᠦᠨ᠂ ᠪᠦᠬᠦ ᠬᠤᠰᠢᠭᠤᠨ ᠤ ᠪᠢᠴᠢᠭ ᠤᠨ ᠰᠤᠷᠪᠤᠯᠵᠢᠲᠤ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠵᠤ᠂ ᠭᠡᠷ ᠪᠦᠯᠢ ᠶᠢᠨ ᠬᠥᠮᠣᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠢᠳᠡᠪᠬᠢᠲᠡᠢ ᠪᠥᠭᠡᠳ ᠴᠠᠭ ᠲᠠᠭᠠᠨ ᠳᠣᠬᠢᠷᠠᠭᠰᠠᠨ ᠣᠶᠣᠨ ᠤ ᠳᠡᠮᠵᠢᠯᠭᠡ  ᠬᠠᠩᠭᠠᠡᠡᠰᠡᠨ ᠪᠠᠶᠢᠨ᠎ᠠ ᠭᠡᠵᠡᠢ᠃
       ᠣᠶᠢᠯᠠᠭᠠᠭᠰᠠᠨ ᠢᠶᠠᠷ᠂ ᠠᠷᠤ ᠬᠤᠷᠴᠢᠨ ᠬᠤᠰᠢᠭᠤᠨ ᠤ ᠨᠠᠮ ᠤᠨ ᠰᠤᠷᠭᠠᠭᠤᠯᠢ ᠨᠢ ᠨᠠᠮ ᠤᠨ ᠰᠤᠷᠭᠠᠭᠤᠯᠢ ᠶᠢᠨ ᠪᠠᠭᠰᠢ ᠪᠠᠷ ᠭᠤᠣᠯ ᠴᠣᠭᠴᠠ ᠪᠣᠯᠭᠠᠨ᠂ ᠨᠡᠶᠢᠭᠡᠮ ᠤᠨ ᠨᠡᠩ ᠤᠯᠠᠨ ᠨᠣᠮ ᠤᠨ ᠪᠠᠨᠭᠲᠠᠳ ᠵᠢᠴᠢ ᠨᠣᠮ ᠤᠩᠰᠢᠬᠤ ᠲᠤᠷᠠᠲᠠᠢ ᠬᠦᠮᠤᠰ ᠣᠷᠣᠯᠴᠠᠭᠰᠠᠨ ᠨᠡᠶᠢᠭᠡᠮ ᠤᠨ ᠨᠠᠶᠢᠲᠠ ᠶᠢᠨ ᠠᠰᠠᠷᠠᠮᠵᠢ ᠶᠢᠨ ᠴᠢᠨᠠᠷᠲᠠᠢ ᠵᠣᠬᠢᠶᠠᠨ ᠪᠠᠶᠢᠭᠤᠯᠤᠯᠲᠠ ᠪᠣᠯᠬᠤ ᠨᠠᠮ ᠤᠨ ᠰᠤᠷᠭᠠᠭᠤᠯᠢ ᠶᠢᠨ ᠨᠣᠮ ᠤᠩᠰᠢᠬᠤ ᠠᠩᠬᠢ ︵ᠬᠤᠷᠠᠯ︶ ᠶᠢ ᠨᠡᠬᠡᠭᠡᠵᠤ᠂ ᠤᠳᠤᠬᠠᠨ ᠳᠤ ᠨᠣᠮ ᠤᠩᠰᠢᠬᠤ ᠠᠩᠭᠢ ᠳᠤ ᠪᠠᠶᠢᠩᠭᠤ ᠶᠢᠨ ᠵᠠᠭᠤ ᠭᠠᠷᠤᠢ ᠬᠦᠮᠤᠨ ᠲᠠᠢ ᠪᠠᠶᠢᠵᠤ᠂ ᠨᠡᠶᠢᠭᠡᠮ ᠤᠨ ᠲᠤᠰᠬᠠᠯ ᠨᠡᠯᠢᠶᠡᠳ ᠰᠠᠶᠢᠨ ᠪᠠᠶᠢᠨ᠎ᠠ᠃        ᠡᠨᠡᠬᠦ ᠨᠣᠮ ᠤᠩᠰᠢᠬᠤ ᠠᠩᠬᠢ ᠨᠢ ︽ᠰᠠᠶᠢᠨ ᠨᠣᠮ ᠢ ᠬᠠᠮᠲᠤ ᠪᠠᠷ ᠤᠩᠰᠢᠬᠤ︾ ᠪᠠᠷ ᠭᠤᠣᠯ ᠪᠣᠯᠭᠠᠵᠤ᠂ ᠨᠣᠮ ᠤᠩᠰᠢᠬᠤ ᠶᠢ ᠤᠳᠠᠭᠠᠨ ᠲᠠᠭᠠᠭᠠᠮᠠᠭᠠᠢ ᠪᠠᠷᠢᠮᠳᠠᠯᠠᠵᠤ᠂ ᠨᠣᠮ ᠤᠩᠰᠢᠵᠤ ᠬᠤᠪᠢᠶᠠᠯᠴᠠᠬᠤ ᠠᠵᠢᠯᠯᠠᠭ᠎ᠠ ᠶᠢ ᠦᠷᠭᠦᠯᠵᠢᠯᠠᠨ ᠦᠷᠨᠢᠭᠦᠯᠬᠦ ᠪᠠᠷ ᠪᠣᠢ᠃ ᠲᠣᠰ ᠨᠣᠮ ᠤᠩᠰᠢᠬᠤ ᠠᠩᠬᠢ ᠶᠢ ᠨᠡᠬᠡᠭᠡᠭᠰᠡᠨ ᠠᠴᠠ ᠨᠠᠭᠠᠰᠢ᠂ ᠶᠡᠷᠤ ᠳᠡᠭᠡᠨ ᠬᠠᠭᠠᠰ ᠰᠠᠷ᠎ᠠ ᠪᠠᠷ ᠨᠢᠭᠡ ᠦᠶᠡᠯᠡᠯ ᠤᠨ ᠬᠤᠭᠤᠴᠠᠭ᠎ᠠ ᠪᠣᠯᠭᠠᠨ ᠬᠠᠮᠲᠤ ᠪᠠᠷ ᠨᠢᠭᠡ ᠨᠣᠮ ᠢ ᠰᠠᠶᠢᠲᠤᠷ ᠤᠩᠰᠢᠵᠤ᠂ ᠤᠷᠠᠨ ᠲᠣᠳᠣ ᠤᠩᠰᠢᠯᠭ᠎ᠠ ᠶᠢᠨ ᠬᠠᠪᠤ ᠴᠠᠩᠬᠡᠯ ᠢ ᠡᠳ᠋ᠯᠠᠵᠤ᠂ ᠨᠣᠮ ᠤᠩᠰᠢᠭᠰᠠᠨ ᠣᠶᠢᠯᠠᠭᠠᠯᠲᠠ ᠲᠦᠷᠦᠭᠳᠠᠯ ᠢᠶᠠᠨ ᠬᠤᠪᠢᠶᠠᠯᠴᠠᠬᠤ ᠪᠠᠷ ᠬᠠᠷᠠᠯᠲᠠ ᠵᠣᠷᠢᠯᠲᠠ ᠪᠣᠯᠭᠠᠵᠤ᠂ ᠪᠤᠳᠠᠲᠠᠢ ᠤᠩᠰᠢᠯᠭ᠎ᠠ ᠶᠢᠨ ᠶᠠᠪᠤᠴᠠ ᠳᠤ ᠪᠠᠨ ᠨᠣᠮ ᠤᠩᠰᠢᠬᠤ ᠠᠩᠬᠢ ᠶᠢᠨ ᠪᠦᠷᠢᠯᠳᠦᠭᠦᠨ ᠨᠠᠷ ᠡᠳᠣᠷ ᠪᠦᠷᠢ ᠤᠷᠠᠨ ᠲᠣᠳᠣ ᠤᠩᠰᠢᠬᠤ ᠠᠭᠤᠯᠭ᠎ᠠ ᠶᠢ ᠡᠭᠡᠯᠵᠢᠯᠡᠨ ᠬᠤᠪᠢᠶᠡᠯᠴᠡᠵᠤ᠂ ᠨᠢᠭᠡ ᠦᠶᠡᠯᠡᠯ ᠤᠨ ᠬᠤᠭᠤᠴᠠᠭ᠎ᠠ ᠳᠠᠭᠤᠰᠬᠤ ᠪᠦᠷᠢ ᠰᠦᠯᠵᠢᠶᠡᠨ ᠭᠠᠲᠠᠨᠠᠬᠢ ᠰᠤᠯᠢᠯᠴᠠᠭ᠎ᠠ ᠦᠷᠨᠢᠭᠦᠯᠵᠤ ᠪᠣᠢ᠃
       ᠤᠳᠤᠬᠠᠨ ᠪᠣᠯᠳᠠᠯ᠎ᠠ᠂ ᠨᠠᠮ ᠤᠨ ᠰᠤᠷᠭᠠᠭᠤᠯᠢ ᠶᠢᠨ ᠨᠣᠮ ᠤᠩᠰᠢᠬᠤ ᠠᠩᠬᠢ ᠨᠡᠬᠡᠭᠡᠭᠳᠡᠭᠰᠡᠨ ᠠᠴᠠ ᠨᠠᠭᠠᠰᠢ᠂ ︽ᠳᠤᠮᠳᠠᠲᠤ ᠤᠯᠤᠰ ᠤᠨ ᠡᠪ ᠬᠠᠮᠳᠤᠴᠤᠳ ᠤᠨ ᠤᠶᠣᠨ ᠰᠠᠨᠠᠭᠠᠨ ᠤ ᠴᠠᠳᠢᠭ︾ ︽ᠹᠠᠨ ᠵᠦᠩ ᠶᠠᠨ ᠤ ᠨᠠᠮᠳᠠᠷ︾ ︽ᠬᠠᠷᠠᠰᠤ ᠢᠳᠡᠭᠡᠨ︾ ︽ᠲᠤᠮᠳᠠᠲᠤ ᠤᠯᠤᠰ ᠤᠨ ᠱᠠᠰᠢᠨ ᠰᠤᠷᠲᠠᠬᠤᠨ - ᠬᠦᠩᠽᠢ ᠶᠢᠨ ᠰᠤᠷᠭᠠᠯ ᠪᠠ ᠪᠣᠮᠪᠤ ᠶᠢᠨ ᠱᠠᠰᠢᠨ︾ ᠵᠡᠷᠭᠡ ᠠᠳᠠᠯᠢ ᠪᠣᠰᠤ ᠲᠦᠷᠤᠯ ᠬᠡᠯᠪᠡᠷᠢ ᠶᠢᠨ᠂ ᠠᠳᠠᠯᠢ ᠪᠤᠰᠤ  ᠰᠢᠡᠵᠢᠯᠡᠭᠡᠨ ᠤ ᠰᠠᠯᠠᠭ᠎ᠠ ᠶᠢᠨ ᠰᠢᠨᠵᠢ ᠴᠢᠨᠠᠷ ᠲᠠᠢ 7 ᠲᠦᠷᠤᠯ ᠤᠨ ᠨᠣᠮ ᠢ ᠤᠩᠰᠢᠨ ᠬᠤᠪᠢᠶᠠᠯᠴᠠᠭᠰᠠᠨ ᠪᠠᠶᠢᠨ᠎ᠠ᠃ ᠨᠠᠮ ᠤᠨ ᠰᠤᠷᠭᠠᠭᠤᠯᠢ ᠶᠢᠨ ᠨᠣᠮ ᠤᠩᠰᠢᠬᠤ ᠠᠩᠬᠢ ᠨᠢ ᠨᠡᠩ ᠤᠯᠠᠨ ᠨᠣᠮ ᠤᠨ  ᠪᠠᠭ᠋ᠠᠳᠡᠣᠨ ᠵᠢᠴᠢ ᠨᠣᠮ ᠤᠩᠰᠢᠬᠤ ᠳᠤᠷᠠᠲᠠᠢ ᠬᠥᠮᠤᠰ ᠢ ᠨᠣᠮ ᠤᠩᠰᠢᠬᠤ ᠠᠩᠭᠢ ᠳᠤ ᠢᠷᠡᠭᠦᠯᠬᠦ ᠪᠠᠷ ᠦᠷᠭᠦᠯᠵᠢᠯᠡᠨ ᠬᠦᠴᠦᠯᠠᠵᠤ᠂ ᠨᠣᠮ ᠤᠨ ᠰᠣᠷᠪᠤᠯᠵᠢᠳᠤ ᠠᠷᠤ ᠬᠤᠷᠴᠢᠨ ᠬᠤᠰᠢᠭᠤ᠂ ᠪᠣᠯᠪᠠᠰᠤᠨ ᠠᠷᠤ ᠬᠤᠷᠴᠢᠨ ᠬᠤᠰᠢᠭᠤ ᠶᠢ ᠡᠭᠦᠳᠦᠨ ᠪᠠᠶᠢᠭᠤᠯᠬᠤ ᠳᠤ ᠨᠠᠮ ᠤᠨ ᠰᠤᠷᠭᠠᠭᠤᠯᠢ ᠶᠢᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ ︵ᠴᠠᠯᠮᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号