ᠵᠦᠩ ᠬᠤᠸᠠ ᠡᠨᠧᠷᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠨ ᠠᠷᠤ ᠬᠤᠷᠴᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠠᠨᠲᠢᠪᠯᠠᠬᠤ ᠶᠣᠰᠤᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/9/14
       9 ᠰᠠᠷ᠎ᠠ ᠶᠢᠨ 11 ᠤ ᠡᠳᠤᠷ᠂ ᠵᠦᠩ ᠬᠤᠸᠠ ᠡᠨᠧᠷᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠨ ᠠᠷᠤ ᠬᠤᠷᠴᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠠᠨᠲᠢᠪᠯᠠᠬᠤ ᠶᠣᠰᠤᠯᠠᠯ ᠶᠠᠪᠤᠭᠤᠯᠵᠤ᠂ ᠵᠦᠩ ᠬᠤᠸᠠ ᠡᠨᠧᠷᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ ᠬᠠᠨ ᠪᠢᠩ᠂ ᠨᠠᠮ ᠣᠯᠠᠨ ᠲᠦᠮᠡᠨ ᠤ ᠠᠵᠢᠯ ᠤᠨ ᠬᠡᠯᠳᠡᠰ ᠤᠨ ᠡᠷᠬᠢᠯᠡᠭᠴᠢ ᠰᠢᠤᠸᠠᠢ ᠰᠢᠨ᠂ ᠡᠪᠯᠡᠯ ᠤᠨ ᠬᠤᠷᠢᠶᠠᠨ ᠤ ᠱᠦᠵᠢ ᠢᠣᠢ ᠽᠧ ᠫᠦ᠋᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠸᠠᠩ ᠶᠤᠸᠠᠨ ᠪᠢᠨ ᠶᠣᠰᠤᠯᠠᠯ ᠳᠤ ᠣᠷᠤᠯᠴᠠᠵᠤ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠶᠣᠰᠣᠯᠠᠯ ᠢ ᠡᠷᠬᠢᠯᠡᠪᠡ᠃
       ᠶᠣᠰᠤᠯᠠᠯ ᠳᠡᠭᠡᠷ᠎ᠡ᠂ ᠬᠠᠨ ᠪᠢᠩ ᠰᠣᠷᠣᠯᠭ᠎ᠠ ᠰᠠᠶᠢᠨ ᠰᠣᠷᠣᠭᠴᠢ ᠶᠢᠨ ᠲᠦᠯᠥᠭᠡᠯᠡᠭᠴᠢ ᠳᠤ ᠰᠣᠷᠤᠯᠭ᠎ᠠ ᠶᠢᠨ ᠱᠠᠩᠨᠠᠯ ᠤᠨ ᠮᠦᠩᠬᠦ ᠤᠯᠭᠤᠬᠤ ᠶᠢᠨ ᠬᠠᠮᠲᠤ᠂ ᠵᠦᠩ ᠬᠤᠸᠠ ᠡᠨᠧᠷᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠲᠦᠯᠥᠭᠡᠯᠡᠨ᠂ ᠴᠢᠪᠠᠭ᠎ᠠ ᠲᠠᠪᠤᠳᠤᠭᠠᠷ ᠲᠣᠮᠳᠠᠲᠤ ᠰᠤᠷᠭᠠᠭᠤᠯᠢ᠂ ᠴᠢᠪᠠᠭ᠎ᠠ ᠵᠢᠷᠭᠤᠳᠤᠭᠠᠷ ᠳᠣᠮᠳᠠᠲᠤ ᠰᠤᠷᠭᠠᠭᠤᠯᠢ ᠳᠤ ᠲᠣᠰᠪᠤᠷᠢ 19 ᠲᠦᠮᠡᠨ ᠲᠦᠭᠦᠷᠢᠭ ᠬᠠᠨᠲᠢᠪᠯᠠᠵᠤ᠂ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ︾ ᠶᠢᠨ ᠰᠤᠷᠤᠯᠭ᠎ᠠ ᠶᠢᠨ ᠱᠠᠩᠨᠠᠯ ᠤᠨ ᠮᠦᠩᠬᠦ᠂ ᠰᠤᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠶᠢᠨ ᠬᠥᠭᠵᠢᠯᠲᠠ ᠶᠢᠨ ᠰᠠᠭᠤᠷᠢ ᠮᠦᠩᠬᠦ᠂ ᠰᠤᠷᠤᠯᠭ᠎ᠠ ᠶᠢᠨ ᠲᠡᠳᠭᠦᠮᠵᠢ ᠶᠢᠨ ᠮᠦᠩᠬᠦ ᠪᠣᠯᠭᠠᠪᠠ᠃
       ᠴᠧᠨ ᠬᠤ᠋ ᠨᠠᠨ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠤᠨ ᠢ ᠲᠦᠯᠥᠭᠡᠯᠡᠨ ᠵᠦᠩ ᠬᠤᠸᠠ ᠡᠨᠧᠷᠬᠢ ᠶᠢᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠨ ᠤ ᠬᠦᠷᠤᠯᠴᠡᠨ ᠢᠷᠡᠭᠰᠡᠨ ᠢ ᠪᠠᠶᠡᠷᠯᠡᠨ ᠣᠭᠲᠤᠵᠤ ᠪᠠᠶᠢᠬᠤ ᠪᠠᠨ ᠢᠯᠡᠷᠭᠡᠶᠢᠯᠡᠭᠰᠡᠨ ᠪᠦᠭᠡᠳ ᠬᠡᠯᠡᠭᠰᠡᠨ ᠨᠢ᠂ 2013 ᠣᠨ ᠳᠤ ᠳᠤᠮᠳᠠᠲᠤ ᠤᠯᠤᠰ ᠤᠨ ᠵᠦᠩ ᠬᠤᠸᠠ ᠪᠦᠯᠤᠭ᠍ᠯᠡᠯ ᠠᠷᠤ ᠬᠤᠷᠴᠢᠨ ᠬᠤᠰᠢᠭᠤ ᠶᠢ ᠴᠡᠭ ᠲᠣᠭᠳᠠᠭᠠᠨ ᠬᠠᠪᠰᠣᠷᠣᠨ ᠲᠡᠣᠡᠭᠦᠭᠰᠡᠨ ᠠᠴᠠ ᠨᠠᠭᠠᠰᠢ᠂ ᠰᠤᠷᠭᠠᠨ ᠬᠦᠮᠥᠵᠢᠯ ᠤᠨ ᠬᠦᠷᠢᠶᠡᠨ ᠳᠠᠬᠢ ᠬᠠᠪᠰᠤᠷᠤᠨ ᠲᠡᠳᠭᠦᠬᠦ ᠪᠡᠯᠡ ᠮᠦᠩᠬᠦ ᠨᠡᠶᠢᠲᠡ 6100 ᠭᠠᠷᠤᠢ ᠲᠦᠮᠡᠨ ᠲᠥᠭᠦᠷᠢᠭ ᠣᠷᠣᠭᠤᠯᠵᠤ᠂ ᠠᠷᠤ ᠬᠤᠷᠴᠢᠨ ᠬᠤᠰᠢᠭᠤᠨ ᠤ ᠰᠤᠷᠭᠠᠨ ᠬᠥᠮᠤᠵᠢᠯ ᠤᠨ ᠡᠬᠢ ᠪᠠᠶᠠᠯᠢᠭ ᠤᠨ ᠳᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠰᠤᠷᠭᠠᠨ ᠬᠥᠮᠤᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠬᠦ ᠳᠤ ᠴᠢᠬᠤᠯᠠ ᠬᠤᠪᠢ ᠨᠡᠮᠠᠷᠢ ᠦᠵᠡᠭᠦᠯᠵᠠᠢ᠃ ᠵᠦᠩ ᠬᠤᠸᠠ ᠡᠨᠧᠷᠬᠢ ᠶᠢᠨ ᠬᠤᠪᠢ ᠤᠷᠤᠭᠤᠯᠤᠭᠰᠠᠨ ᠬᠢᠵᠠᠭᠠᠷᠲᠤ ᠺᠣᠮᠫᠠᠨᠢ ᠨᠢ ᠳᠣᠮᠳᠠᠲᠤ ᠤᠯᠤᠰ ᠤᠨ ᠵᠦᠩ ᠬᠤᠸᠠ ᠪᠦᠯᠤᠭ᠍ᠯᠡᠯ ᠤᠨ ᠳᠣᠣᠷᠠᠬᠢ ᠪᠦᠬᠦ ᠤᠯᠤᠰ ᠤᠨ ᠲᠡᠷᠢᠭᠦᠨ ᠤ  ᠴᠢᠯᠠᠭᠤᠨ ᠲᠣᠰᠤ ᠬᠢᠮᠢ ᠶᠢᠨ ᠠᠵᠤ ᠦᠢᠯᠡᠰ ᠤᠨ ᠡᠵᠡᠩᠨᠠᠯᠲᠠ ᠶᠢᠨ ᠠᠵᠤ ᠠᠬᠤᠶᠢᠯᠡᠯ ᠪᠣᠯᠤᠭᠰᠠᠨ ᠤ ᠬᠤᠪᠢ ᠳᠤ᠂ 7 ᠵᠢᠯ ᠲᠠᠷᠭᠠᠯᠠᠨ ᠠᠷᠤ ᠬᠤᠷᠴᠢᠨ ᠬᠤᠰᠢᠭᠤᠨ ᠤ ᠡᠯ᠎ᠡ ᠰᠤᠷᠭᠠᠭᠤᠯᠢ ᠳᠤ ᠰᠤᠷᠤᠯᠭ᠎ᠠ ᠶᠢᠨ ᠱᠠᠩᠨᠠᠯ ᠤᠨ ᠮᠦᠩᠬᠦ᠂ ᠰᠤᠷᠤᠯᠭ᠎ᠠ ᠶᠢᠨ ᠲᠡᠳᠭᠦᠮᠵᠢ ᠶᠢᠨ ᠮᠦᠩᠬᠦ᠂ ᠰᠤᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠶᠢᠨ ᠬᠥᠭᠵᠢᠯᠲᠡ ᠶᠢᠨ ᠰᠠᠭᠤᠷᠢ ᠮᠦᠩᠬᠦ ᠵᠡᠷᠭᠡ ᠨᠡᠶᠢᠳᠡ 260 ᠭᠠᠷᠤᠢ ᠲᠦᠮᠡᠨ ᠲᠦᠭᠦᠷᠢᠭ ᠬᠠᠨᠲᠢᠪᠯᠡᠵᠤ᠂ ᠠᠵᠤ ᠠᠬᠤᠶᠢᠯᠡᠯ ᠤᠨ ᠨᠡᠶᠢᠭᠡᠮ ᠤᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠬᠦᠢᠴᠠᠳ ᠰᠠᠶᠢᠨ ᠪᠠᠶᠠᠯᠡᠭᠦᠯᠪᠠ᠃ ᠠᠷᠤ ᠬᠤᠷᠴᠢᠨ ᠬᠤᠰᠢᠭᠤ ᠨᠢ ᠬᠠᠨᠲᠢᠪ ᠤᠨ ᠮᠦᠩᠬᠦ ᠶᠢ ᠭᠦᠢᠴᠡᠳ ᠠᠰᠢᠡᠡᠯᠠᠨ ᠰᠤᠷᠭᠠᠨ ᠬᠦᠮᠤᠵᠢᠯ ᠪᠠ ᠵᠢᠭᠠᠨ ᠰᠤᠷᠭᠠᠯᠲᠠ ᠶᠢᠨ ᠣᠷᠴᠢᠨ ᠨᠦᠬᠦᠴᠡᠯ ᠢ ᠰᠠᠶᠢᠵᠢᠷᠠᠭᠤᠯᠤᠨ ᠰᠢᠯᠢᠳᠡᠭᠵᠢᠭᠦᠯᠵᠤ᠂ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠠᠷᠠᠳ ᠲᠦᠮᠡᠨ ᠰᠡᠳᠭᠢᠯ ᠬᠠᠨᠤᠮᠵᠢᠲᠠᠢ ᠰᠤᠷᠭᠠᠨ ᠬᠦᠮᠤᠵᠢᠯ ᠢ ᠰᠠᠶᠢᠳᠤᠷ ᠡᠷᠬᠢᠯᠡᠨ᠎ᠡ ᠭᠡᠪᠡ᠃
       ᠬᠠᠨ ᠪᠢᠩ ᠶᠠᠷᠢᠶᠠᠨ ᠳᠠᠭᠠᠨ ᠰᠣᠷᠣᠭᠴᠢᠳ ᠢ ᠬᠡᠣᠤᠬᠡᠳ  ᠨᠠᠰᠤ  ᠪᠠᠨ  ᠨᠠᠨᠳᠢᠩᠨᠠᠨ  ᠴᠢᠷᠮᠠᠶᠢᠨ  ᠰᠤᠷᠤᠯᠴᠠᠵᠤ᠂ ᠨᠠᠮ ᠢᠶᠠᠨ ᠬᠠᠶᠢᠷᠠᠯᠠᠨ ᠡᠬᠡ ᠤᠯᠤᠰ ᠤᠨ ᠢᠶᠠᠨ ᠲᠦᠯᠥᠭᠡ ᠲᠠᠰᠤᠷᠠᠯᠲᠠ ᠦᠭᠡᠢ ᠦᠭᠡᠳᠡᠯᠡᠨ ᠲᠡᠪᠰᠢᠵᠤ᠂ ᠬᠤᠵᠢᠮ ᠢᠷᠡᠭᠡᠳᠤᠢ ᠳᠤ ᠤᠯᠤᠰ᠂ ᠨᠡᠶᠢᠭᠡᠮ᠂ ᠦᠯᠤᠭᠡᠢ ᠨᠤᠳᠤᠭ ᠲᠠᠭᠠᠨ ᠬᠡᠷᠡᠭᠴᠡᠭᠡ ᠲᠠᠢ ᠴᠢᠳᠠᠪᠤᠷᠢᠳᠠᠨ ᠪᠣᠯᠤᠭᠠᠷᠠᠢ ᠭᠡᠵᠦ ᠵᠣᠷᠢᠭᠵᠢᠭᠤᠯᠬᠤ ᠶᠢᠨ ᠬᠠᠮᠲᠤ᠂ ᠵᠦᠩ ᠬᠤᠸᠠ ᠡᠨᠧᠷᠬᠢ ᠶᠢᠨ ᠬᠤᠪᠢ ᠣᠷᠤᠭᠤᠯᠤᠭᠰᠠᠨ ᠬᠢᠵᠠᠭᠠᠷᠳᠤ ᠺᠣᠮᠫᠠᠨᠢ ᠨᠢ ᠲᠥᠪ ᠤᠨ ᠠᠵᠤ ᠠᠬᠤᠶᠢᠯᠡᠯ ᠤᠨ ᠬᠠᠷᠢᠭᠤᠴᠠᠯᠭ᠎ᠠ ᠶᠢ ᠦᠷᠭᠦᠯᠵᠢᠯᠠᠨ ᠭᠦᠢᠴᠡᠳᠭᠡᠵᠤ᠂ ᠨᠠᠶᠢᠭᠡᠮ ᠤᠨ ᠡᠭᠦᠷᠭᠡᠯᠡᠯ ᠢᠶᠠᠨ ᠡᠭᠦᠷᠭᠡᠯᠡᠨ᠂ ᠴᠡᠭ ᠲᠣᠭᠳᠠᠭᠠᠨ ᠬᠠᠪᠰᠤᠷᠣᠨ ᠲᠡᠳᠭᠦᠬᠦ ᠠᠵᠢᠯ ᠢ ᠯᠠᠪᠳᠠᠭᠤᠨ ᠬᠦᠴᠦᠲᠠᠢ ᠰᠠᠶᠢᠲᠤᠷ ᠬᠢᠵᠤ᠂ ᠠᠷᠤ ᠬᠤᠷᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠣᠨ᠎ᠡ ᠭᠡᠪᠡ᠃
       ᠶᠣᠰᠣᠯᠠᠯ ᠳᠠᠭᠤᠰᠤᠭᠰᠠᠨ ᠤ ᠳᠠᠷᠠᠭ᠎ᠠ᠂ ᠬᠠᠨ ᠪᠢᠩ ᠬᠤᠰᠢᠭᠤᠨ ᠤᠳᠤᠷᠢᠳᠤᠯᠭ᠎ᠠ ᠨᠠᠷ ᠲᠠᠢ ᠬᠠᠮᠲᠤ ᠴᠢᠪᠠᠭ᠎ᠠ ᠳᠠᠪᠤᠳᠤᠭᠠᠷ ᠳᠤᠮᠳᠠᠲᠤ ᠰᠤᠷᠭᠠᠭᠤᠯᠢ ᠶᠢᠨ ᠡᠷᠡᠭᠲᠡᠢ ᠶᠢᠨ ᠬᠥᠯ ᠪᠦᠮᠪᠦᠭᠡ ᠶᠢᠨ ᠠᠩᠬᠢ᠂ ᠴᠢᠪᠠᠭ᠎ᠠ ᠵᠢᠷᠭᠤᠳᠤᠭᠠᠷ ᠳᠤᠮᠳᠠᠲᠤ ᠰᠤᠷᠭᠠᠭᠤᠯᠢ ᠶᠢᠨ ᠡᠮᠡᠭᠲᠡᠢ ᠶᠢᠨ ᠬᠥᠯ ᠪᠦᠮᠪᠦᠭᠡ ᠶᠢᠨ ᠠᠩᠬᠢ ᠶᠢᠨ ᠲᠠᠮᠢᠷᠴᠢᠳ ᠢ ᠪᠣᠯᠭᠤᠭᠠᠨ ᠦᠵᠡᠵᠦ᠂ ᠲᠡᠳᠡᠨ ᠤ ᠰᠤᠷᠤᠯᠴᠠᠯᠭ᠎ᠠ᠂ ᠪᠣᠯᠪᠠᠰᠤᠷᠠᠯ ᠵᠢᠴᠢ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠭᠰᠠᠨ ᠪᠦᠭᠡᠳ ᠰᠤᠷᠤᠭᠴᠢᠳ ᠢ ᠰᠢᠷᠭᠠᠭᠤ ᠬᠠᠲᠠᠭᠤᠵᠢᠯᠲᠠᠢ ᠪᠣᠯᠪᠠᠰᠤᠷᠠᠨ ᠵᠣᠷᠢᠭ ᠰᠠᠨᠠᠭ᠎ᠠ ᠪᠠ ᠵᠠᠩ ᠴᠢᠨᠠᠷ ᠢᠶᠠᠨ ᠲᠡᠪᠲᠠᠨ ᠪᠣᠯᠪᠠᠰᠤᠷᠠᠭᠤᠯᠵᠤ᠂ ︽ᠣᠷᠤᠯᠳᠤᠭᠠᠨ ᠲᠡᠮᠡᠴᠠᠭᠡᠨ ᠳᠤ ᠴᠢᠳᠠᠮᠠᠭᠠᠢ᠂ ᠮᠣᠷᠠᠯ ᠰᠤᠷᠤᠯᠭ᠎ᠠ ᠬᠤᠣᠰᠯᠬᠠᠰᠡᠨ︾ ᠰᠢᠨ᠎ᠡ ᠴᠠᠭ ᠦᠶ᠎ᠡ ᠶᠢᠨ ᠰᠢᠯᠢᠳᠡᠭ ᠴᠢᠳᠠᠪᠤᠷᠢᠳᠠᠨ ᠪᠣᠯᠬᠤ ᠪᠠᠷ ᠴᠢᠷᠮᠠᠶᠢᠵᠤ᠂ ᠬᠢᠴᠢᠶᠠᠯ ᠰᠤᠷᠤᠯᠭ᠎ᠠ ᠪᠠ ᠪᠦᠮᠪᠦᠭᠡ ᠶᠢᠨ ᠣᠷᠤᠯᠳᠤᠭᠠᠨ ᠳᠤ ᠪᠠᠨ ᠲᠠᠬᠢᠨ ᠰᠢᠯᠢᠳᠡᠭ ᠠᠮᠵᠢᠯᠲᠠ ᠡᠭᠦᠳᠴᠤ᠂ ᠳᠠᠬᠢᠨ ᠰᠢᠨ᠎ᠠ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠤᠭᠰᠠᠨ ᠪᠠᠶᠢᠨ᠎ᠠ᠃
       ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠬᠠᠨ ᠪᠢᠩ ᠨᠠᠷ ᠪᠠᠰᠠ ᠴᠢᠪᠠᠭ᠎ᠠ ᠪᠠᠯᠭᠠᠰᠤ ᠶᠢᠨ ᠰᠢᠨ ᠫᠢᠩ ᠲᠣᠰᠬᠤᠨ᠂ ᠲᠢᠶᠠᠨ ᠶᠦᠨ ᠾᠧ ᠲᠠᠷᠢᠶᠡᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠭᠠᠷᠲᠤ ᠺᠣᠮᠫᠠᠨᠢ ᠪᠣᠯᠣᠨ ᠲᠠᠯ᠎ᠠ ᠶᠢᠨ ᠬᠤᠸᠠ ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ᠂ ᠾᠦᠢ ᠫᠸᠡᠭ ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ ᠵᠡᠷᠭᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ  ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠵᠦᠩ ᠬᠤᠸᠠ ᠴᠢᠯᠠᠭᠤᠨ ᠲᠣᠰᠤᠨ ᠤ ᠬᠢᠵᠠᠭᠠᠷᠲᠤ ᠺᠣᠮᠫᠠᠨᠢ ᠶᠢᠨ ᠱᠤᠤ ᠪᠠᠯᠭᠠᠰᠤ ᠳᠠᠬᠢ ᠲᠣᠰᠣ ᠨᠡᠮᠡᠬᠦ ᠥᠷᠲᠡᠭᠡ ᠶᠢᠨ ᠡᠮᠤᠨ᠎ᠠ ᠹᠷᠤᠨᠲ ᠲᠤ ᠭᠠᠪᠰᠢᠭᠠᠶᠢᠯᠠᠨ ᠠᠵᠢᠯᠯᠠᠵᠤ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠠᠢ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号