ᠠᠷᠤ ᠬᠤᠷᠴᠢᠨ ᠬᠤᠰᠢᠭᠤ 2024 ᠣᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠤᠵᠢᠯ ᠤᠨ ᠰᠠᠷ᠎ᠠ ᠶᠢᠨ ᠭᠤᠣᠯ ᠰᠡᠳᠣᠪᠳᠣ ᠠᠵᠢᠯᠯᠠᠭ᠎ᠠ ᠵᠢᠴᠢ ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/9/14
       9 ᠰᠠᠷ᠎ᠠ ᠶᠢᠨ 13 ᠤ ᠡᠳᠤᠷ᠂ ᠠᠷᠤ ᠬᠤᠷᠴᠢᠨ ᠬᠤᠰᠢᠭᠤ 2024 ᠣᠨ ᠤ ᠪᠥᠬᠦ ᠠᠷᠠᠳ ᠤᠨ ᠤᠯᠤᠰ ᠤᠨ ᠪᠠᠳᠤᠯᠠᠨ ᠬᠠᠮᠠᠭᠠᠯᠠᠯᠲᠠ ᠶᠢᠨ ᠬᠦᠮᠤᠵᠢᠯ ᠤᠨ ᠰᠠᠷ᠎ᠠ ᠶᠢᠨ ᠭᠤᠣᠯ ᠰᠡᠲᠤᠪᠲᠤ ᠠᠵᠢᠯᠯᠠᠭ᠎ᠠ ᠵᠢᠴᠢ ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠤᠯᠠᠯ ᠶᠠᠪᠤᠭᠤᠯᠵᠤ᠂ ᠬᠤᠰᠢᠭᠤᠨ ᠤᠳᠤᠷᠢᠳᠤᠯᠭ᠎ᠠ ᠴᠢ ᠰᠢᠨ ᠮᠢᠶᠣᠣ᠂ ᠬᠦᠸᠧ ᠶᠦᠩ ᠮᠢᠩ᠂ ᠸᠠᠩ ᠰᠢᠨ ᠾᠦᠢ᠂ ᠯᠢ ᠴᠥᠨ ᠱᠧᠩ᠂ ᠶᠠᠩ ᠾᠦᠢ ᠶᠠᠨ᠂ ᠴᠧᠨ ᠢᠦᠢ ᠮᠢᠩ ᠶᠣᠰᠣᠯᠠᠯ ᠳᠤ ᠣᠷᠣᠯᠴᠠᠪᠠ᠃
       ᠶᠣᠰᠤᠯᠠᠯ ᠨᠢ ︽ᠬᠤᠶᠠᠳᠤᠭᠠᠷ ᠬᠤᠭᠤᠴᠠᠭᠠᠨ ᠤ ᠤᠯᠠᠭᠠᠡᠬᠠᠳᠠ ᠬᠤᠲᠠ ᠶᠢᠨ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠤᠵᠢᠯ ᠤᠨ ᠭᠤᠣᠯ ᠰᠡᠲᠤᠪᠲᠤ ᠰᠢᠷᠢᠰ ᠪᠦᠲᠦᠭᠡᠯ ᠢ ᠰᠢᠯᠭᠠᠷᠠᠭᠤᠯᠬᠤ ᠠᠵᠢᠯᠯᠠᠭ᠎ᠠ︾᠂ ︽ᠪᠦᠬᠦ ᠬᠤᠰᠢᠭᠤᠨ ᠤ ᠵᠠᠯᠠᠭᠤᠴᠣᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠤᠵᠢᠯ ᠤᠨ ᠭᠤᠣᠯ ᠰᠡᠲᠤᠪᠲᠤ ᠰᠢᠷᠢᠰ ᠪᠦᠲᠦᠭᠡᠯ ᠢ ᠰᠢᠯᠭᠠᠷᠠᠭᠤᠯᠬᠤ ᠠᠵᠢᠯᠯᠠᠭ᠎ᠠ︾ ᠳᠤ ᠱᠠᠩᠨᠠᠯ ᠬᠦᠷᠲᠡᠭᠰᠡᠨ ᠰᠤᠷᠣᠭᠴᠢ ᠵᠢᠴᠢ ᠪᠠᠭᠰᠢ ᠨᠠᠷ ᠲᠤ ᠦᠨᠡᠮᠯᠠᠯ ᠣᠯᠭᠤᠵᠤ᠂ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠠᠴᠠ ᠰᠢᠨ᠎ᠡ ᠴᠡᠷᠢᠭ ᠲᠤ ᠢᠷᠠᠭᠤ ᠠᠯᠲᠠᠷ ᠤᠨ ᠴᠡᠴᠡᠭ ᠵᠡᠭᠦᠯᠭᠡᠵᠦ᠂ ᠰᠢᠨ᠎ᠡ ᠴᠡᠷᠢᠭ᠂ ᠰᠢᠨ᠎ᠡ ᠴᠡᠷᠢᠭ ᠤᠨ ᠭᠡᠷ ᠤᠨ ᠠᠬᠠᠮᠠᠳ ᠤᠨ ᠲᠦᠯᠥᠭᠡᠯᠡᠭᠴᠢ ᠠᠴᠠ ᠣᠪᠣᠷ ᠢᠶᠠᠨ ᠢᠯᠡᠳᠭᠡᠬᠦ ᠦᠭᠡ ᠬᠡᠯᠡᠵᠦ᠂ ᠬᠦᠸᠧ ᠶᠦᠩ ᠮᠢᠩ ᠴᠡᠷᠢᠭ ᠤᠨ ᠭᠡᠷ ᠪᠦᠯᠢ ᠶᠢᠨ ᠬᠢᠨ ᠳᠤ ᠢᠷᠠᠭᠤ ᠠᠯᠲᠠᠷ ᠤᠨ ᠢᠯᠡᠷᠭᠡᠶᠢᠯᠡᠯ ᠣᠯᠭᠤᠪᠠ᠃
       ᠯᠢ ᠴᠥᠨ ᠱᠤᠧᠩ ᠶᠠᠷᠢᠶᠠᠨ ᠳᠠᠭᠠᠨ᠂ ᠬᠠᠤᠯᠢ ᠶᠣᠰᠣᠭᠠᠷ ᠴᠡᠷᠢᠭ ᠤᠨ ᠠᠯᠪᠠ ᠬᠠᠭᠠᠬᠤ ᠪᠣᠯ ᠠᠷᠠᠳ ᠢᠷᠭᠡᠨ ᠨᠢᠭᠡᠪᠦᠷᠢ ᠶᠢᠨ ᠭᠦᠢᠴᠡᠣᠡᠭᠡᠪᠡᠰᠤ ᠵᠣᠬᠢᠬᠤ ᠢᠷᠠᠭᠤ ᠠᠯᠳᠠᠷᠲᠤ ᠡᠭᠦᠷᠭᠡ ᠮᠥᠨ᠂ ᠨᠤᠳᠤᠭ ᠤᠨ ᠢᠶᠠᠨ ᠠᠬᠠᠰ ᠵᠠᠬᠠᠰ ᠤᠨ ᠴᠢᠩ ᠰᠠᠳᠭᠢᠯ ᠤᠨ ᠬᠦᠰᠡᠯ ᠡᠷᠡᠮᠡᠯᠵᠡᠯ ᠢ ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠦᠷᠢᠰᠣᠯᠳᠣᠭᠡᠨ ᠢ ᠵᠣᠷᠢᠭᠲᠠᠢ ᠪᠠᠷ ᠬᠦᠯᠢᠶᠡᠨ ᠠᠪᠴᠤ᠂ ᠨᠤᠭᠤᠷᠠᠰᠢ ᠦᠭᠡᠢ ᠲᠡᠮᠠᠴᠠᠵᠤ᠂  ᠬᠠᠷᠠᠮ ᠦᠭᠡᠢ ᠵᠣᠷᠢᠭᠤᠯᠵᠤ᠂ ᠴᠡᠷᠢᠭ ᠤᠨ ᠬᠤᠸᠠᠷᠠᠨ ᠤ ᠠᠯᠬᠤᠮ ᠪᠦᠷᠢ ᠶᠢ ᠯᠠᠪᠳᠠᠭᠤᠨ ᠪᠠᠳᠤᠲᠠᠢ ᠰᠠᠶᠢᠳᠤᠷ ᠠᠯᠬᠤᠵᠤ᠂ ᠡᠷᠳᠡᠮ ᠴᠢᠳᠠᠪᠤᠷᠢ ᠲᠠᠢ᠂ ᠤᠮᠤᠭ ᠵᠣᠷᠢᠭ ᠲᠠᠢ᠂ ᠶᠣᠰᠣ ᠮᠣᠷᠠᠯ ᠲᠠᠢ ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ ᠪᠣᠯᠵᠤ ᠬᠦᠮᠤᠵᠢᠭ᠍ᠳᠡᠬᠦ ᠶᠢ ᠬᠦᠰᠡᠭᠰᠡᠨ ᠪᠠᠶᠢᠨ᠎ᠠ᠃
       ᠴᠢ ᠰᠢᠨ ᠮᠢᠶᠣᠤ ᠪᠠᠶᠠᠷ ᠤᠨ ᠦᠭᠡ ᠬᠡᠯᠡᠬᠦ ᠳᠡᠭᠡᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠤᠯᠤᠰ ᠲᠦᠷᠤ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠨᠢ ︽ᠤᠯᠤᠰ ᠤᠨ ᠶᠡᠭᠡ ᠶᠠᠪᠤᠳᠠᠯ︾ ᠪᠣᠯᠬᠤ ᠤᠬᠠᠮᠰᠠᠷ ᠢ ᠪᠠᠲᠤ ᠪᠣᠢ ᠪᠣᠯᠭᠠᠵᠤ᠂ ᠰᠢᠨ᠎ᠡ ᠴᠠᠭ ᠦᠶ᠎ᠡ  ᠶᠢᠨ ᠪᠥᠬᠦ ᠠᠷᠠᠳ ᠤᠨ ᠤᠯᠤᠰ ᠤᠨ ᠪᠠᠳᠤᠯᠠᠨ ᠬᠠᠮᠠᠭᠠᠯᠠᠯᠲᠠ ᠶᠢᠨ ᠬᠥᠮᠤᠵᠢᠯ ᠪᠣᠯᠣᠨ ︽ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠤᠵᠢᠯ ᠤᠨ ᠰᠠᠷ᠎ᠠ︾ ᠶᠢᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠵᠤ᠂ ᠵᠣᠬᠢᠶᠠᠨ ᠪᠠᠶᠢᠭᠤᠯᠵᠤ  ᠣᠳᠣᠷᠢᠣᠡᠬᠤ  ᠪᠠᠨ ᠴᠢᠩᠭᠠᠳᠬᠠᠨ᠂ ᠨᠠᠷᠢᠨ ᠨᠢᠮᠪᠠᠢ ᠳᠣᠬᠢᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠠᠵᠢᠯᠯᠠᠭ᠎ᠠ ᠶᠢᠨ ᠪᠤᠳᠠᠲᠤ ᠦᠷ᠎ᠡ ᠪᠦᠲᠣᠮᠵᠢ ᠣᠯᠬᠤ ᠶᠢ ᠪᠠᠳᠤᠯᠠᠬᠤ ᠬᠡᠷᠡᠭᠲᠠᠢ᠃ ᠭᠦᠨ ᠵᠣᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠢ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠤᠵᠢᠯ ᠤᠨ ᠰᠠᠭᠤᠷᠢᠨ᠂ ᠡᠯ᠎ᠡ ᠲᠦᠷᠤᠯ ᠤᠨ ᠰᠤᠷᠭᠠᠭᠤᠯᠢ᠂ ᠰᠣᠶᠣᠯ ᠤᠨ ᠠᠭᠤᠳᠠᠮ ᠳᠠᠯᠠᠪᠠᠢ ᠵᠡᠷᠭᠡ ᠠᠴᠢᠶᠠᠯᠠᠪᠤᠷᠢ ᠶᠢᠨ ᠲᠠᠪᠴᠠᠩ ᠢ ᠭᠦᠢᠴᠡᠳ ᠠᠰᠢᠭᠯᠠᠨ᠂ ᠤᠯᠠᠨ ᠲᠦᠮᠡᠨᠴᠢ ᠴᠢᠨᠠᠷᠲᠡᠢ ᠤᠬᠠᠭᠤᠯᠭ᠎ᠠ ᠬᠦᠮᠤᠵᠢᠯ ᠤᠨ ᠠᠵᠢᠯᠯᠠᠭ᠎ᠠ ᠶᠢ ᠰᠠᠶᠢᠲᠤᠷ ᠦᠷᠨᠢᠭᠦᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠤᠵᠢᠯ ᠢ ᠰᠤᠷᠭᠠᠨ ᠬᠦᠮᠤᠵᠢᠯ ᠵᠢᠭᠠᠨ ᠰᠤᠷᠭᠠᠯᠲᠠ ᠶᠢᠨ ᠰᠢᠰᠲ᠋ᠧᠮ ᠳᠤ ᠠᠭᠤᠰᠬᠠᠨ ᠣᠷᠤᠭᠤᠯᠵᠤ᠂ ᠪᠥᠬᠦ ᠠᠷᠠᠳ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠤᠵᠢᠯ ᠳᠤ ᠣᠷᠤᠯᠴᠠᠬᠤ᠂ ᠪᠦᠬᠦ ᠨᠡᠶᠢᠭᠡᠮ ᠢᠶᠠᠷ ᠢᠶᠠᠨ ᠤᠯᠤᠰ ᠢᠶᠠᠨ ᠬᠠᠶᠢᠷᠡᠯᠡᠵᠦ ᠴᠡᠷᠢᠭ ᠢᠶᠠᠨ ᠬᠦᠷᠢᠶᠡᠯᠡᠬᠦ ᠭᠦᠨ ᠵᠤᠵᠠᠭᠠᠨ ᠠᠭᠤᠷ ᠠᠮᠢᠰᠬᠤᠯ ᠲᠠᠢ ᠪᠣᠯᠭᠠᠬᠤ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠵᠢᠭᠠᠨ ᠭᠠᠷᠭᠠᠪᠠ᠃
       ᠶᠣᠰᠣᠯᠠᠯ ᠤᠨ ᠳᠠᠷᠠᠭ᠎ᠠ᠂ ᠬᠤᠰᠢᠭᠤᠨ ᠨᠠᠮ ᠤᠨ ᠰᠤᠷᠭᠠᠭᠤᠯᠢ ᠶᠢᠨ ᠬᠠᠷᠢᠭᠤᠴᠠᠯᠭᠠᠳᠠᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠤᠵᠢᠯ ᠤᠨ ᠮᠡᠳᠡᠯᠭᠡ ︵ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠤᠵᠢᠯ ᠤᠨ ᠢᠯᠡ ᠬᠢᠴᠢᠶᠡᠯ︶ ᠶᠢ ᠤᠬᠠᠭᠤᠯᠤᠨ ᠲᠠᠶᠢᠯᠪᠤᠷᠢᠯᠠᠪᠠ᠃ ︵ᠯᠢ ᠬᠤᠸᠠᠨ ᠢᠣᠢ᠂  ᠴᠠᠯᠮᠡᠭ  ᠂  ᠤᠷᠭᠤᠮᠠᠯ  ᠂  ᠵᠣᠣ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号