ᠬᠤᠲᠠ ᠶᠢᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠢ ᠯᠢ ᠠᠷᠤ ᠬᠤᠷᠴᠢᠨ ᠬᠤᠰᠢᠭᠤᠨ ᠳᠤ ᠠᠷᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠠᠵᠢᠯ ᠦᠷᠨᠢᠭᠦᠯᠤᠭ᠍ᠰᠡᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/9/14
       9 ᠰᠠᠷ᠎ᠠ ᠶᠢᠨ 12 ᠤᠨ ᠡᠳᠤᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠢ ᠯᠢ ᠠᠷᠤ ᠬᠤᠷᠴᠢᠨ ᠬᠤᠰᠢᠭᠤᠨ ᠳᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠠᠵᠢᠯ ᠦᠷᠨᠢᠭᠦᠯᠦᠭᠰᠡᠨ ᠪᠠᠶᠢᠳᠠᠯ ᠢ ᠪᠠᠶᠢᠴᠠᠭᠠᠵᠤ᠂ ᠬᠤᠰᠢᠭᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ ᠰᠢᠨ᠂ ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠬᠥᠭᠡᠪᠡᠷᠰ ᠪᠠᠶᠢᠴᠠᠭᠠᠨ ᠰᠤᠳᠤᠯᠤᠯᠲᠠ ᠳᠤ ᠣᠷᠤᠯᠴᠠᠵᠠᠢ᠃
       ᠰᠦᠢ ᠯᠢ ᠣᠷᠢᠳ ᠬᠤᠵᠢᠳ ᠠᠷᠤ ᠬᠤᠷᠴᠢᠨ ᠬᠤᠰᠢᠭᠤᠨ ᠤ ᠬᠠᠨ ᠠᠭᠤᠯᠠ ᠵᠡᠭᠡᠯᠢ ᠭᠤᠳᠣᠮᠵᠢ᠂ ᠴᠢᠪᠠᠭ᠎ᠠ ᠳᠥᠷᠪᠡᠳᠦᠭᠡᠷ ᠪᠠᠭ᠎ᠠ ᠰᠤᠷᠭᠠᠭᠤᠯᠢ᠂ ᠰᠢᠨ ᠮᠢᠨ ᠰᠢᠶᠠᠩ᠂ ᠲᠢᠶᠠᠡᠱᠠᠡᠺᠸᠣ ᠪᠠᠯᠭᠠᠰᠤᠨ ᠳᠤ ᠬᠦᠷᠴᠦ᠂ ᠲᠦᠯᠦᠭᠡᠯᠡᠭᠴᠢ ᠶᠢᠨ ᠭᠡᠷ ᠤᠨ ᠣᠶᠢᠯᠡᠳᠤᠯ ᠪᠠᠳᠠᠷᠠᠭᠤᠯᠤᠭᠰᠠᠨ ᠪᠠᠶᠢᠳᠠᠯ᠂ ᠬᠤᠰᠢᠭᠤᠨ ᠱᠠᠳᠤᠨ ᠤ ᠠᠷᠠᠳ ᠤᠨ ᠠᠮᠢᠳᠤᠷᠠᠯ ᠤᠨ ᠪᠤᠳᠠᠲᠤ ᠶᠠᠪᠤᠳᠠᠯ ᠤᠨ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠰᠢᠶᠠᠩ ᠤᠨ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠤᠯ ᠵᠦᠢᠯ ᠤᠨ ᠪᠦᠳᠣᠭᠡᠨ ᠪᠠᠶᠢᠭᠤᠯᠤᠯᠲᠠ ᠶᠢᠨ ᠪᠠᠶᠢᠳᠠᠯ᠂ ᠬᠤᠲᠠ ᠶᠢᠨ ᠱᠠᠳᠤᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠲᠦᠯᠥᠭᠡᠯᠡᠭᠴᠢ ᠶᠢᠨ ᠠᠵᠤ ᠣᠶᠢᠯᠠᠰ ᠤᠨ ᠬᠦᠭᠵᠢᠯᠲᠠ ᠶᠢ ᠬᠦᠳᠤᠯᠤᠨ ᠵᠢᠯᠤᠭᠤᠳᠤᠭᠰᠠᠨ ᠪᠠᠶᠢᠳᠠᠯ᠂ ᠬᠤᠰᠢᠭᠤᠨ ᠱᠠᠳᠤᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠲᠦᠯᠥᠭᠡᠯᠡᠭᠴᠢ ᠶᠢᠨ ᠡᠷᠬᠢᠯᠡᠭᠰᠡᠨ ᠠᠵᠤ ᠠᠬᠤᠶᠢᠯᠠᠯ ᠤᠨ ᠡᠷᠬᠢᠨ ᠳᠤᠭᠤᠷᠢᠨ ᠤ ᠤᠯᠠᠨ ᠲᠦᠮᠡᠨ ᠢ ᠲᠠᠶᠢᠴᠢᠯᠠᠨ ᠪᠠᠶᠠᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠤᠯᠲᠠ ᠶᠢ ᠰᠣᠨᠣᠰᠣᠭᠰᠠᠨ ᠪᠦᠭᠡᠳ ᠠᠷᠠᠳ ᠤᠨ ᠲᠦᠯᠥᠭᠡᠯᠡᠭᠴᠢᠳ ᠤᠨ ᠠᠵᠢᠯ ᠦᠷᠨᠢᠭᠦᠯᠦᠭᠰᠡᠨ ᠪᠠᠶᠢᠳᠠᠯ ᠤᠨ ᠲᠣᠭᠤᠷᠢᠨ ᠳᠤ ᠶᠠᠷᠢᠯᠴᠡᠨ ᠰᠣᠯᠢᠯᠴᠠᠪᠠ᠃
       ᠰᠦᠢ ᠯᠢ᠂ ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠤᠭ ᠲᠡᠮᠳᠡᠭ ᠲᠣᠲᠤᠷᠬᠠᠢ ᠪᠠᠷ ᠤᠯᠤᠰ ᠲᠦᠷᠤ ᠶᠢ ᠡᠷᠬᠢᠮᠯᠡᠵᠦ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠤᠯᠤᠰ ᠲᠦᠷᠤ ᠶᠢᠨ ᠰᠢᠨᠵᠢ ᠴᠢᠨᠠᠷ ᠢ ᠪᠠᠲᠤ ᠡᠵᠡᠮᠳᠠᠵᠤ᠂ ᠨᠠᠮ ᠤᠨ ᠤᠳᠤᠷᠢᠳᠤᠯᠭ᠎ᠠ ᠶᠢ ᠦᠨᠡᠡᠬᠦ ᠪᠠᠷᠢᠮᠳᠠᠯᠠᠵᠤ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠲᠣᠰ ᠪᠡᠶ᠎ᠡ ᠶᠢᠨ ᠪᠠᠶᠢᠭᠤᠯᠤᠯᠲᠠ ᠶᠢᠨ ᠭᠤᠣᠯᠳᠠᠯᠭ᠎ᠠ ᠶᠢ ᠳᠣᠪᠣᠶᠢᠯᠭᠠᠵᠤ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠡᠭᠦᠷᠭᠡ ᠲᠣᠰᠢᠶᠠᠯ ᠢᠶᠠᠨ ᠭᠦᠢᠴᠡᠳᠭᠡᠬᠦ ᠴᠢᠳᠡᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠣᠭᠤᠰᠢᠯᠠᠭᠤᠯᠤᠨ ᠨᠡᠶᠢᠳᠡᠪᠤᠷᠢᠵᠢᠭᠤᠯᠵᠤ᠂ ᠦᠨᠳᠦᠰᠤᠨ ᠱᠠᠲᠤᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢ ᠲᠤᠭᠲᠠᠭᠠᠯᠲᠠ ᠶᠢ ᠲᠤᠳᠤᠷᠬᠠᠢ ᠪᠣᠯᠭᠠᠵᠤ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠰᠠᠶᠢᠲᠤᠷ ᠬᠡᠷᠡᠭᠵᠢᠭᠦᠯᠦᠨ᠂ ᠬᠢᠨᠠᠯᠲᠠ ᠲᠠᠯᠪᠢᠬᠤ ᠲᠣᠰᠢᠶᠡᠯ ᠬᠠᠷᠢᠭᠤᠴᠠᠯᠭ᠎ᠠ ᠪᠠᠨ ᠦᠨᠡᠨ ᠬᠦ ᠭᠦᠢᠴᠠᠳᠭᠡᠵᠤ᠂ ᠬᠠᠤᠯᠢ ᠶᠣᠰᠤᠭᠠᠷ ᠬᠢᠨᠠᠯᠲᠠ ᠲᠠᠯᠪᠢᠬᠤ᠂ ᠵᠥᠪ ᠣᠨᠣᠪᠴᠢᠲᠠᠢ ᠬᠢᠨᠠᠯᠲᠠ ᠲᠠᠯᠪᠢᠭᠰᠠᠨ ᠰᠠᠭᠤᠷᠢᠨ ᠳᠡᠭᠡᠷ᠎ᠡ ᠪᠦᠲᠣᠮᠵᠢᠲᠠᠢ ᠬᠢᠨᠠᠯᠲᠠ ᠲᠠᠯᠪᠢᠬᠤ ᠶᠢ ᠦᠨᠡᠨ ᠬᠦ ᠪᠡᠶᠡᠯᠡᠭᠦᠯᠵᠦ᠂ ᠦᠨᠳᠦᠰᠤᠨ ᠬᠠᠤᠯᠢ ᠪᠠ ᠬᠠᠤᠯᠢ ᠴᠠᠭᠠᠵᠠ ᠶᠢ ᠣᠷᠣᠨ ᠨᠤᠳᠤᠭ ᠲᠤ ᠴᠢᠩᠭ᠎ᠠ ᠬᠡᠷᠡᠭᠵᠢᠭᠦᠯᠬᠦ ᠶᠢ ᠦᠨᠡᠨ ᠬᠦ ᠪᠠᠲᠤᠯᠡᠵᠦ᠂ ︽ᠨᠢᠭᠡ ᠣᠷᠳᠤᠨ ᠨᠢᠭᠡ ᠵᠥᠪᠯᠡᠯ ᠬᠤᠶᠠᠷ ᠬᠤᠷᠢᠶ᠎ᠠ︾ ᠶᠢᠨ ᠠᠵᠢᠯ᠂ ᠨᠡᠶᠢᠭᠡᠮ ᠤᠨ ᠬᠡᠷᠡᠭ ᠶᠠᠪᠤᠳᠠᠯ ᠵᠡᠷᠭᠡ ᠳᠤ ᠪᠥᠬᠦ ᠲᠠᠯ᠎ᠠ ᠪᠠᠷ ᠬᠦᠨᠵᠡᠭᠡᠢ ᠬᠢᠨᠠᠯᠲᠠ ᠲᠠᠯᠪᠢᠵᠤ᠂ ᠬᠠᠤᠯᠢ ᠪᠠᠷ ᠵᠠᠰᠠᠬᠤ ᠨᠠᠶᠢᠭᠡᠮ ᠤᠨ ᠪᠠᠶᠢᠭᠤᠯᠤᠯᠲᠠ ᠶᠢᠨ ᠯᠠᠪᠳᠠᠭᠤᠨ ᠢᠶᠠᠷ ᠠᠬᠢᠬᠤ ᠶᠢ ᠪᠠᠳᠤᠯᠠᠬᠤ ᠬᠡᠷᠡᠭᠲᠡᠢ᠃ ᠣᠷᠣᠨ ᠨᠤᠳᠤᠭ ᠤᠨ ᠬᠥᠭᠵᠢᠯᠲᠠ ᠶᠢᠨ ᠲᠣᠮᠲᠠᠬᠢ ᠠᠵᠤ ᠠᠬᠤᠢ ᠶᠢᠨ ᠬᠥᠭᠵᠢᠯᠲᠠ᠂ ᠨᠡᠶᠢᠭᠡᠮ ᠤᠨ ᠵᠠᠰᠠᠯᠲᠠ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠳᠠᠯ᠎ᠠ ᠪᠠᠷ ᠤᠷᠣᠰᠢᠵᠤ ᠪᠠᠶᠢᠭ᠎ᠠ ᠲᠣᠪᠣᠶᠢᠮ᠎ᠡ ᠠᠰᠠᠭᠤᠳᠠᠯ ᠳᠤ ᠠᠩᠬᠠᠷᠤᠯ ᠢᠶᠠᠨ ᠲᠦᠪᠯᠠᠷᠡᠭᠦᠯᠵᠤ᠂ ᠪᠠᠶᠢᠴᠠᠭᠠᠨ ᠰᠣᠳᠣᠯᠬᠤ᠂ ᠪᠠᠶᠢᠴᠠᠭᠠᠨ ᠦᠵᠡᠬᠦ᠂ ᠬᠠᠤᠯᠢ ᠬᠡᠷᠡᠭᠵᠢᠭᠦᠯᠤᠯᠲᠠ ᠶᠢᠨ ᠪᠠᠶᠢᠴᠠᠭᠠᠯᠲᠠ ᠶᠢ ᠦᠷᠨᠢᠭᠦᠯᠵᠤ᠂ ᠬᠤᠯᠪᠤᠭᠳᠠᠯ ᠪᠦᠬᠦᠢ ᠠᠰᠠᠭᠤᠳᠠᠯ ᠢ ᠰᠢᠢᠣᠡᠪᠣᠷᠢᠯᠡᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠬᠤ ᠶᠢᠨ ᠤᠯᠠᠮ ᠠᠴᠠ ᠣᠷᠣᠨ ᠨᠤᠳᠤᠭ ᠤᠨ ᠠᠵᠤ ᠠᠬᠤᠢ ᠶᠢᠨ ᠡᠷᠡᠭᠦᠯ᠂ ᠲᠣᠭᠲᠠᠭᠤᠨ᠂ ᠦᠷᠭᠦᠯᠵᠢᠯᠡᠭᠦᠶᠢᠴᠡ ᠬᠦᠭᠵᠢᠯᠲᠡ ᠶᠢ ᠪᠡᠶᠡᠯᠡᠭᠦᠯᠬᠦ ᠬᠡᠷᠡᠭᠲᠡᠢ᠃ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠲᠦᠯᠥᠭᠡᠯᠡᠭᠴᠢ ᠶᠢᠨ ︽ᠭᠡᠷ ᠥᠷᠳᠡᠭᠡ︾ ᠶᠢᠨ ᠪᠠᠶᠢᠭᠤᠯᠤᠯᠲᠠ ᠪᠠ ᠲᠡᠭᠦᠯᠳᠡᠷᠵᠢᠭᠦᠯᠤᠯᠲᠠ ᠶᠢ ᠴᠢᠬᠤᠯᠡᠴᠢᠯᠠᠵᠤ᠂ ᠦᠢᠯᠡᠳᠤᠯ ᠢ ᠭᠦᠢᠴᠡᠳ ᠪᠠᠲᠠᠷᠠᠭᠤᠯᠵᠤ᠂ ᠲᠡᠭᠦᠨ ᠢ ᠠᠷᠠᠳ ᠤᠨ ᠰᠠᠨᠠᠭ᠎ᠠ ᠶᠢ ᠴᠤᠭᠯᠠᠭᠤᠯᠬᠤ᠂ ᠠᠷᠠᠳ ᠤᠨ ᠳᠠᠭᠤᠨ ᠢ ᠲᠤᠰᠬᠠᠬᠤ ᠴᠢᠬᠤᠯᠠ ᠴᠣᠩᠬᠤᠪᠴᠢ ᠪᠣᠯᠭᠠᠬᠤ ᠬᠡᠷᠡᠭᠲᠡᠢ᠃ ᠡᠭᠦᠨ ᠤ ᠬᠠᠮᠲᠤ ᠠᠷᠠᠳ ᠤᠨ ᠲᠦᠯᠭᠡᠯᠡᠭᠴᠢᠳ ᠤᠨ ᠶᠡᠭᠡ ᠬᠤᠷᠠᠯ ᠤᠨ ᠲᠦᠯᠥᠭᠡᠯᠡᠭᠴᠢ ᠶᠢᠨ ᠲᠣᠰᠢᠶᠠᠯ ᠬᠠᠷᠢᠭᠤᠴᠠᠯᠭ᠎ᠠ ᠪᠠᠨ ᠭᠦᠢᠴᠠᠳᠭᠡᠭᠰᠡᠨ   ᠲᠠᠩᠰᠡ ᠡᠪᠬᠡᠮᠡᠯ ᠢ ᠪᠠᠶᠢᠭᠤᠯᠵᠤ᠂ ᠲᠦᠯᠥᠭᠡᠯᠡᠭᠴᠢᠳ ᠤᠨ ᠬᠤᠷᠠᠯ ᠳᠤ ᠣᠷᠣᠯᠴᠬᠠᠰᠡᠨ᠂ ᠵᠥᠪᠯᠡᠯᠭᠡ ᠰᠠᠨᠠᠭᠤᠯᠭ᠎ᠠ ᠳᠤᠷᠠᠲᠤᠭᠰᠠᠨ᠂ ᠪᠠᠶᠢᠴᠠᠭᠠᠨ ᠰᠤᠳᠤᠯᠤᠯᠲᠠ ᠬᠢᠵᠤ ᠪᠠᠶᠢᠴᠠᠭᠠᠨ ᠦᠵᠡᠬᠦ ᠳᠤ  ᠣᠷᠣᠯᠴᠬᠠᠰᠡᠨ᠂ ᠬᠢᠨᠠᠯᠳᠡ ᠲᠠᠯᠪᠢᠬᠤ ᠠᠵᠢᠯ ᠦᠷᠨᠢᠭᠦᠯᠤᠭ᠍ᠰᠡᠨ ᠵᠡᠷᠭᠡ ᠡᠯ᠎ᠡ ᠲᠠᠯ᠎ᠠ ᠶᠢᠨ ᠲᠣᠰᠢᠶᠠᠯ ᠬᠠᠷᠢᠭᠤᠴᠠᠯᠭ᠎ᠠ ᠪᠠᠨ ᠭᠦᠢᠴᠠᠳᠭᠡᠭᠰᠡᠨ ᠪᠠᠶᠢᠳᠠᠯ ᠢ ᠪᠥᠬᠦ ᠲᠠᠯ᠎ᠠ ᠪᠠᠷ ᠵᠥᠪ ᠣᠨᠣᠪᠴᠢᠲᠠᠢ ᠲᠡᠮᠳᠡᠭᠯᠡᠵᠦ᠂ ᠲᠦᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠬᠠᠮᠲᠤ ᠪᠠᠰᠠ ᠲᠦᠯᠥᠭᠡᠯᠡᠭᠴᠢ ᠶᠢᠨ ᠠᠵᠢᠯ ᠢ ᠦᠨᠡᠯᠡᠬᠦ  ᠳᠤ ᠪᠣᠰᠣᠳᠴᠢ ᠦᠨᠳᠣᠰᠤᠯᠠᠯ ᠬᠠᠩᠭᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠣᠯ ᠵᠦᠢᠯ ᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠲᠦᠯᠥᠭᠡᠯᠡᠭᠴᠢ ᠶᠢᠨ ᠫᠢᠶᠣᠣ ᠪᠠᠷ ᠲᠣᠭᠲᠠᠭᠠᠬᠤ ᠲᠦᠷᠢᠮ ᠤᠨ ᠠᠵᠢᠯ ᠢ ᠦᠷᠭᠦᠯᠵᠢᠯᠡᠨ ᠠᠬᠢᠭᠤᠯᠵᠤ᠂ ᠠᠷᠠᠳ ᠤᠨ ᠰᠠᠨᠠᠭ᠎ᠠ ᠶᠢ ᠭᠦᠢᠴᠡᠳ ᠬᠦᠨᠳᠦᠳᠭᠡᠵᠤ᠂ ᠠᠷᠠᠳ ᠤᠯᠠᠨ ᠤ ᠣᠷᠣᠯᠴᠠᠬᠤ ᠶᠢ ᠪᠠᠲᠤᠯᠠᠵᠤ᠂ ᠫᠢᠶᠣᠤ ᠪᠠᠷ ᠲᠣᠭᠲᠠᠭᠠᠬᠤ ᠳᠦᠷᠢᠮ ᠢ ᠬᠡᠷᠡᠭᠵᠢᠭᠦᠯᠬᠦ ᠶᠠᠪᠤᠴᠠ ᠶᠢᠨ ᠢᠯᠡ ᠲᠣᠳᠣ ᠪᠠᠶᠢᠬᠤ ᠶᠢ ᠪᠠᠲᠤᠯᠠᠬᠤ ᠶᠢᠨ ᠬᠠᠮᠲᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠪᠥᠬᠦ ᠬᠤᠲᠠ ᠶᠢᠨ ᠬᠡᠪᠴᠢᠶᠡᠨ ᠳᠤ ᠳ᠋ᠦᠩᠨᠡᠨ ᠳᠡᠯᠭᠡᠷᠡᠭᠦᠯᠵᠦ᠂ ᠨᠡᠩ ᠤᠯᠠᠨ ᠭᠠᠵᠠᠷ ᠣᠷᠣᠨ ᠳᠤ ᠡᠨᠡ ᠬᠦ ᠲᠦᠷᠢᠮ ᠤᠨ ᠠᠰᠢᠭ ᠬᠦᠷᠲᠡᠭᠡᠬᠦ ᠶᠢ ᠦᠨᠡᠨ ᠬᠦ ᠲᠦᠭᠡᠭᠡᠨ ᠳᠡᠯᠭᠡᠷᠡᠭᠦᠯᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠪᠦᠲᠦᠮᠵᠢᠲᠠᠢ ᠰᠢᠢᠣᠡᠪᠣᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ ︵ᠵᠣᠣ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号