ᠠᠷᠤ ᠵᠠᠰᠠᠭ ᠲᠠᠷᠬᠠᠭᠠᠭᠰᠠᠨ【2010】67 ᠳ᠋ᠤᠭᠠᠷ ᠲᠣᠭᠠᠲᠤ | ᠬᠠᠤᠯᠢ ᠪᠤᠰᠤ ᠪᠠᠷ ᠬᠡᠭᠡᠷ᠎ᠡ ᠶᠢᠨ ᠡᠪᠡᠰᠦᠨ ᠡᠮ ᠢ ᠮᠠᠯᠳᠠᠬᠤ ᠬᠤᠳᠠᠯᠳᠤᠨ | ᠠᠪᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠠᠷᠤ | ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ | | | ᠬᠡᠭᠡᠷ᠎ᠡ ᠶᠢᠨ ᠡᠪᠡᠰᠦᠨ ᠡᠮ ᠭᠡᠳᠡᠭ ᠨᠢ ᠬᠡᠭᠡᠷ᠎ᠡ ᠭᠠᠳᠠᠨ᠎ᠠ ᠠᠶᠠᠨᠳᠠᠭᠠᠨ ᠤᠷᠭᠤᠳᠠᠭ ᠠᠵᠤ ᠠᠬᠤᠶ᠂ | ᠰᠢᠨᠵᠢᠯᠡᠬᠦ ᠤᠬᠠᠭᠠᠨ᠂ ᠡᠮ ᠡᠮᠨᠡᠯᠭᠡ ᠶᠢᠨ ᠦᠨ᠎ᠡ ᠥᠷᠲᠡᠭ ᠲᠠᠢ ᠬᠤᠪᠣᠷ ᠤᠷᠭᠤᠮᠠᠯ ᠢ ᠵᠢᠭᠠᠵᠤ ᠪᠣᠢ᠃ ᠤᠯᠤᠰ᠂ | ᠥᠪᠡᠷᠲᠡᠭᠡᠨ ᠵᠠᠰᠠᠬᠤ ᠣᠷᠣᠨ ᠠᠴᠠ ᠬᠡᠭᠡᠷ᠎ᠡ ᠶᠢᠨ ᠡᠪᠡᠰᠦᠨ ᠡᠮ ᠢ ᠮᠠᠯᠲᠠᠬᠤ᠂ ᠬᠤᠳᠠᠯᠳᠤᠨ ᠠᠪᠬᠤ ᠳᠤ | ᠵᠥᠪᠰᠢᠶᠡᠷᠡᠯ ᠤᠨ ᠦᠨᠡᠮᠯᠡᠯ ᠤᠨ ᠲᠦᠷᠢᠮ ᠢ ᠬᠡᠷᠡᠭᠵᠢᠭᠦᠯᠦᠨ᠎ᠡ᠃ ᠬᠡᠭᠡᠷ᠎ᠡ ᠶᠢᠨ ᠡᠪᠡᠰᠦᠨ ᠡᠮ ᠤᠨ ᠵᠠᠬ᠎ᠠ | ᠳᠡᠯᠭᠡᠭᠦᠷ ᠤᠨ ᠱᠠᠭᠠᠷᠳᠠᠯᠭ᠎ᠠ ᠲᠠᠰᠤᠷᠠᠯᠲᠠ ᠥᠬᠡᠶ ᠨᠡᠮᠡᠭᠳᠡᠬᠦ ᠶᠢ ᠳᠠᠭᠠᠯᠳᠤᠨ᠂ ᠵᠣᠨ ᠤᠷᠤᠭᠰᠠᠨ ᠠᠴᠠ ᠨᠠᠭᠠᠰᠢ | ᠮᠠᠨ ᠤ ᠬᠤᠰᠢᠭᠤᠨ ᠤ ᠬᠢᠯᠢ ᠳᠣᠲᠣᠷ᠎ᠠ ᠬᠠᠤᠯᠢ ᠪᠤᠰᠤ ᠪᠠᠷ ᠬᠡᠭᠡᠷ᠎ᠡ ᠶᠢᠨ ᠡᠪᠡᠰᠦᠨ ᠡᠮ ᠮᠠᠯᠲᠠᠬᠤ᠂ ᠬᠤᠳᠠᠯᠳᠤᠨ | ᠠᠪᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠠᠶᠢᠨ ᠳᠠᠬᠢᠨ ᠡᠭᠦᠰᠴᠦ᠂ ᠮᠠᠨ ᠤ ᠬᠤᠰᠢᠭᠤᠨ ᠤ ᠠᠮᠢ | ᠠᠬᠤᠶ ᠶᠢᠨ ᠣᠷᠴᠢᠨ ᠲᠣᠭᠤᠷᠢᠨ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠲᠤ ᠬᠦᠨᠳᠦ ᠨᠣᠴᠢᠲᠠᠶ | ᠡᠪᠳᠡᠯᠡᠭᠡ ᠤᠴᠠᠷᠠᠭᠤᠯᠪᠠ᠃ ᠬᠠᠤᠯᠢ ᠪᠤᠰᠤ ᠪᠠᠷ ᠮᠠᠯᠲᠠᠬᠤ᠂ ᠬᠤᠳᠠᠯᠳᠤᠨ ᠠᠪᠬᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠡᠭᠡᠷ᠎ᠡ ᠶᠢᠨ ᠡᠪᠡᠰᠦᠨ ᠡᠮ ᠤᠨ ᠡᠬᠢ ᠪᠠᠶᠠᠯᠢᠭ ᠢ ᠬᠠᠮᠠᠭᠠᠯᠠᠨ ᠵᠣᠬᠢᠰᠲᠠᠶ ᠠᠰᠢᠭᠯᠠᠵᠤ᠂ ᠡᠬᠢ | ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠲᠣᠰ ᠡᠳᠦᠷ ᠠᠴᠠ ᠡᠬᠢᠯᠡᠨ ᠪᠥᠬᠦ ᠬᠤᠰᠢᠭᠤᠨ ᠤ ᠬᠡᠪᠴᠢᠶᠡᠨ ᠳᠤ ᠬᠠᠤᠯᠢ ᠪᠤᠰᠤ ᠪᠠᠷ ᠬᠡᠭᠡᠷ᠎ᠡ ᠶᠢᠨ | ᠡᠪᠡᠰᠦᠨ ᠡᠮ ᠢ ᠮᠠᠯᠲᠠᠬᠤ᠂ ᠬᠤᠳᠠᠯᠳᠤᠨ ᠠᠪᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠶ᠎ᠠ᠄ | ᠨᠢᠭᠡ᠂ ᠵᠥᠪᠰᠢᠶᠡᠷᠡᠯ ᠤᠨ ᠦᠨᠡᠮᠯᠡᠯ ᠣᠯᠤᠭᠰᠠᠨ ᠦᠭᠡᠢ ᠨᠢᠭᠡᠴᠢ ᠪᠠ ᠬᠤᠪᠢ ᠬᠥᠮᠦᠨ ᠪᠦᠬᠦᠨ ᠬᠡᠭᠡᠷ᠎ᠡ ᠶᠢᠨ | ᠡᠪᠡᠰᠦᠨ ᠡᠮ ᠢ ᠳᠤᠷ᠎ᠠ ᠪᠠᠷ ᠢᠶᠠᠨ ᠮᠠᠯᠳᠠᠬᠤ᠂ ᠬᠤᠳᠠᠯᠳᠤᠨ ᠠᠪᠬᠤ ᠶᠢ ᠴᠠᠭᠠᠵᠠᠯᠠᠨ᠎ᠠ᠃ | ᠬᠤᠶᠠᠷ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ | ᠴᠢᠪᠠᠭ᠎ᠠ ᠬᠡᠷᠡᠭ ᠡᠷᠬᠢᠯᠡᠬᠦ ᠭᠠᠵᠠᠷ ᠲᠤᠰᠬᠠᠶ ᠲᠦᠷᠦᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠬᠢᠨᠠᠮᠠᠭᠠᠶ ᠥᠷᠨᠢᠭᠦᠯᠦᠨ᠂ ᠲᠤᠰᠬᠠᠶ ᠬᠠᠮᠢᠶᠠᠷᠴᠤ ᠬᠠᠮᠠᠭᠠᠯᠠᠬᠤ ᠡᠩᠨᠡᠭᠡ ᠶᠢ | ᠪᠠᠶᠢᠭᠤᠯᠵᠤ᠂ ᠲᠤᠰ ᠬᠠᠷᠢᠶ᠎ᠠ ᠣᠷᠣᠨ ᠤ ᠪᠠᠨ ᠬᠠᠤᠯᠢ ᠪᠤᠰᠤ ᠪᠠᠷ ᠮᠠᠯᠲᠠᠬᠤ᠂ ᠬᠤᠳᠠᠯᠳᠤᠨ ᠠᠪᠬᠤ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠤᠰ ᠬᠠᠷᠢᠶ᠎ᠠ ᠣᠷᠣᠨ ᠤ ᠪᠠᠨ ᠬᠡᠭᠡᠷ᠎ᠡ ᠶᠢᠨ ᠡᠪᠡᠰᠦᠨ ᠡᠮ ᠤᠨ | ᠡᠬᠢ ᠪᠠᠶᠠᠯᠢᠭ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠭᠤᠷᠪᠠ᠂ ᠬᠤᠰᠢᠭᠤᠨ ᠤ ᠠᠵᠤ ᠠᠬᠤᠶ ᠠᠷᠠᠯᠵᠢᠶ᠎ᠠ᠂ ᠳᠣᠲᠣᠭᠠᠳᠤ ᠶᠢ ᠬᠠᠮᠠᠭᠠᠯᠠᠬᠤ᠂ ᠣᠶ ᠰᠢᠭᠤᠶ᠂ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠢᠳᠡᠪᠬᠢᠲᠡᠶ ᠬᠥᠳᠡᠯᠦᠯᠴᠡᠨ ᠲᠤᠰᠬᠠᠶ ᠠᠵᠢᠯ ᠤᠨ ᠵᠣᠬᠢᠶᠠᠨ ᠪᠠᠶᠢᠭᠤᠯᠤᠯᠲᠠ | ᠪᠠᠶᠢᠭᠤᠯᠵᠤ᠂ ᠡᠮ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠢ ᠴᠡᠪᠡᠷᠯᠡᠨ ᠴᠡᠭᠴᠡᠯᠡᠵᠦ᠂ ᠬᠠᠤᠯᠢ ᠪᠤᠰᠤ ᠪᠠᠷ | ᠬᠡᠭᠡᠷ᠎ᠡ ᠶᠢᠨ ᠡᠪᠡᠰᠦᠨ ᠡᠮ ᠢ ᠮᠠᠯᠲᠠᠬᠤ᠂ ᠬᠤᠳᠠᠯᠳᠤᠨ ᠠᠪᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠡᠷᠡᠰ | ᠴᠣᠬᠢᠯᠲᠠ ᠥᠭᠴᠦ᠂ ᠣᠯᠠᠨᠲᠠ ᠰᠤᠷᠭᠠᠪᠠᠴᠤ ᠵᠠᠰᠠᠷᠠᠬᠤ ᠥᠬᠡᠶ ᠬᠠᠤᠯᠢ ᠠᠴᠠ ᠵᠥᠷᠢᠴᠡᠭᠰᠡᠨ ᠬᠥᠮᠦᠰ ᠲᠤ ᠬᠦᠨᠳᠦ | ᠴᠣᠬᠢᠯᠲᠠ ᠥᠭᠬᠦ ᠬᠡᠷᠡᠭᠲᠡᠶ᠃ | ᠳᠥᠷᠪᠡ᠂ ᠲᠣᠰ ᠵᠠᠷᠯᠠᠯ ᠠᠴᠠ ᠵᠥᠷᠢᠴᠡᠵᠦ᠂ ᠬᠠᠤᠯᠢ ᠪᠤᠰᠤ ᠪᠠᠷ ᠬᠡᠭᠡᠷ᠎ᠡ ᠶᠢᠨ ᠡᠪᠡᠰᠦᠨ ᠡᠮ ᠢ ᠮᠠᠯᠲᠠᠬᠤ | ᠪᠤᠶᠤ ᠬᠤᠳᠠᠯᠳᠤᠨ ᠠᠪᠤᠭᠰᠠᠨ ᠪᠠᠶᠢᠪᠠᠯ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ︽ᠣᠶ ᠰᠢᠭᠤᠶ ᠶᠢᠨ | ᠬᠠᠤᠯᠢ︾᠂ ︽ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︿ᠬᠡᠭᠡᠷ᠎ᠡ ᠶᠢᠨ ᠡᠪᠡᠰᠦᠨ ᠡᠮ ᠤᠨ ᠡᠬᠢ ᠪᠠᠶᠠᠯᠢᠭ ᠢ ᠬᠠᠮᠠᠭᠠᠯᠠᠬᠤ ᠬᠠᠮᠢᠶᠠᠷᠤᠯᠲᠠ ᠶᠢᠨ ᠲᠦᠷᠢᠮ﹀ ᠢ ᠬᠡᠷᠡᠭᠵᠢᠭᠦᠯᠬᠦ | ᠨᠠᠷᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠠᠤᠯᠢ ᠶᠣᠰᠣᠭᠠᠷ ᠰᠢᠳᠬᠡᠨ | ᠲᠣᠷᠭᠠᠬᠤ ᠬᠡᠷᠡᠭᠲᠡᠶ᠃ | ᠲᠠᠪᠤ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠬᠠᠤᠯᠢ ᠪᠤᠰᠤ ᠪᠠᠷ ᠬᠡᠭᠡᠷ᠎ᠡ ᠶᠢᠨ | ᠡᠪᠡᠰᠦᠨ ᠡᠮ ᠢ ᠮᠠᠯᠲᠠᠬᠤ ᠪᠠ ᠬᠤᠳᠠᠯᠳᠤᠨ ᠠᠪᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠤᠬᠠᠮᠰᠠᠷ ᠠᠴᠠ ᠪᠠᠨ ᠬᠤᠷᠢᠭᠯᠠᠵᠤ᠂ ᠬᠤᠯᠪᠣᠭᠳᠠᠯ ᠪᠥᠬᠦᠶ ᠨᠢᠭᠡᠴᠢ ᠳᠤ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠢᠳᠡᠪᠬᠢᠲᠡᠶ ᠢᠯᠡᠴᠢᠯᠡᠨ ᠮᠡᠳᠡᠭᠦᠯᠵᠦ᠂ ᠢᠯᠡᠴᠢᠯᠡᠨ ᠮᠡᠳᠡᠭᠦᠯᠦᠭᠰᠡᠨ ᠭᠡᠷᠡᠴᠢ ᠪᠠᠷᠢᠮᠲᠠ ᠨᠢ ᠦᠨᠡᠨ | ᠪᠣᠳᠠᠲᠠᠶ ᠪᠠᠶᠢᠪᠠᠯ᠂ ᠡᠯ᠎ᠡ ᠬᠠᠤᠯᠢ ᠬᠡᠷᠡᠭᠵᠢᠭᠦᠯᠬᠦ ᠪᠠᠶᠢᠭᠤᠯᠭ᠎ᠠ ᠵᠣᠬᠢᠬᠤ ᠬᠡᠮᠵᠢᠶ᠎ᠡ ᠪᠠᠷ ᠱᠠᠩᠨᠠᠬᠤ ᠬᠡᠷᠡᠭᠲᠡᠶ᠃ | ᠠᠷᠤ ᠬᠤᠷᠴᠢᠨ ᠬᠤᠰᠢᠭᠤᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠯᠡᠴᠢᠯᠡᠨ | ᠮᠡᠳᠡᠭᠦᠯᠬᠦ ᠤᠲᠠᠰᠤ᠄ 7230085 | ᠠᠷᠤ ᠬᠤᠷᠴᠢᠨ ᠬᠤᠰᠢᠭᠤᠨ ᠤ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ | ᠢᠯᠡᠴᠢᠯᠡᠨ ᠮᠡᠳᠡᠭᠦᠯᠬᠦ ᠤᠲᠠᠰᠤ᠄ 7233901 | | ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2010 ᠣᠨ ᠤ 8 ᠰᠠᠷ᠎ᠠ ᠶᠢᠨ 30 ᠤ ᠡᠳᠦᠷ | | |