ᠠᠷᠤ ᠬᠤᠷᠴᠢᠨ ᠬᠤᠰᠢᠭᠤ ᠣᠨᠴᠠᠯᠢᠭᠲᠤ ᠲᠠᠷᠢᠮᠠᠯ ᠤᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ ᠪᠣᠢ
ᠨᠡᠶᠢᠲᠡᠯᠡᠭᠰᠡᠨ ᠴᠠᠭ᠄
2024/9/2
     ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠢ ᠡᠪᠡᠰᠦ ᠲᠠᠷᠢᠬᠤ ᠦᠢᠯᠡᠰ ᠨᠢ ᠣᠯᠠᠨ ᠲᠦᠮᠡᠨ ᠤ ᠣᠷᠣᠯᠭ᠎ᠠ ᠶᠢ ᠪᠦᠲᠦᠮᠵᠢᠲᠡᠢ ᠨᠡᠮᠡᠭᠳᠡᠭᠦᠯᠵᠦ᠂ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠤᠨ ᠡᠪᠡᠰᠦᠨ ᠤ ᠠᠵᠤ ᠦᠢᠯᠡᠰ ᠤᠨ ᠬᠦᠭᠵᠢᠯᠲᠡ ᠶᠢ ᠠᠬᠢᠭᠤᠯᠵᠤ᠂ ᠮᠠᠯ ᠪᠡᠯᠴᠢᠭᠡᠷᠯᠡᠭᠦᠯᠬᠦ ᠴᠢᠳᠠᠮᠵᠢ ᠪᠠᠨ ᠠᠯᠳᠠᠭᠰᠠᠨ ᠡᠯᠡᠰᠦᠷᠬᠡᠭᠵᠢᠭᠰᠡᠨ ᠲᠠᠯ᠎ᠠ ᠨᠤᠲᠤᠭ ᠤᠨ ᠠᠰᠠᠭᠤᠳᠠᠯ ᠢ ᠲᠣᠪᠤᠶᠢᠮ᠎ᠠ ᠰᠢᠢᠳᠪᠦᠷᠢᠯᠡᠵᠦ᠂ ᠬᠠᠳᠤᠯᠠᠩ ᠪᠡᠯᠴᠢᠭᠡᠷ ᠤᠨ ᠡᠷᠭᠢᠯᠲᠡ ᠶᠢᠨ ᠵᠠᠷᠤᠳᠠᠯ ᠢ ᠮᠦ ᠪᠦᠷᠢ ᠳᠤ 15 ᠲᠥᠭᠦᠷᠢᠭ ᠪᠠᠶᠢᠭᠰᠠᠨ ᠠᠴᠠ 100 ᠲᠥᠭᠦᠷᠢᠭ — 200 ᠲᠥᠭᠦᠷᠢᠭ ᠪᠣᠯᠭᠠᠨ ᠳᠡᠭᠡᠭᠰᠢᠯᠡᠭᠦᠯᠪᠡ᠃ ᠡᠭᠦᠨ ᠤ ᠬᠠᠮᠲᠤ ᠮᠠᠯᠴᠢᠨ ᠲᠠᠷᠢᠶᠠᠴᠢᠳ ᠭᠠᠵᠠᠷ ᠰᠢᠷᠣᠶ᠂ ᠬᠠᠳᠤᠯᠠᠩ ᠪᠡᠯᠴᠢᠭᠡᠷ ᠢᠶᠠᠨ ᠠᠵᠤ ᠠᠬᠤᠶᠢᠯᠠᠯ᠂ ᠬᠤᠷᠰᠢᠶᠠᠵᠢᠯ ᠳᠤ ᠳᠠᠭᠠᠭᠠᠴᠢᠯᠠᠭᠤᠯᠤᠭᠰᠠᠨ ᠤ ᠳᠠᠷᠠᠭ᠎ᠠ᠂ ᠠᠵᠤ ᠦᠢᠯᠡᠰ ᠤᠨ ᠠᠵᠢᠯᠴᠢᠨ ᠪᠣᠯᠵᠤ ᠠᠵᠤ ᠠᠬᠤᠶᠢᠯᠠᠯ᠂ ᠬᠤᠷᠰᠢᠶᠠᠵᠢᠯ ᠳᠤ ᠬᠦᠴᠦᠨ ᠤ ᠠᠵᠢᠯ ᠬᠢᠵᠦ᠂ ᠲᠡᠳᠡᠨ ᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠬᠡᠪᠡ᠃ ᠣᠲᠣ ᠪᠣᠯᠲᠠᠯ᠎ᠠ᠂ ᠨᠢᠭᠡᠨᠲᠡ 300 ᠭᠠᠷᠤᠶ ᠮᠠᠯᠴᠢᠨ ᠲᠠᠷᠢᠶᠠᠴᠢᠨ ᠬᠠᠳᠤᠯᠠᠩ ᠪᠡᠯᠴᠢᠭᠡᠷ ᠢᠶᠠᠨ ᠠᠵᠤ ᠠᠬᠤᠶᠢᠯᠠᠯ ᠪᠠ ᠬᠤᠷᠰᠢᠶᠠᠵᠢᠯ ᠳᠤ ᠳᠠᠭᠠᠭᠠᠴᠢᠯᠠᠭᠤᠯᠤᠨ ᠥᠭᠴᠦ᠂ ᠬᠥᠮᠦᠨ ᠪᠦᠷᠢ ᠶᠢᠨ ᠵᠢᠯ ᠤᠨ ᠳᠤᠮᠳᠠᠴᠢ ᠣᠷᠣᠯᠭ᠎ᠠ 4600 ᠲᠥᠭᠦᠷᠢᠭ ᠨᠡᠮᠡᠭᠳᠡᠪᠡ᠃ 600 ᠭᠠᠷᠤᠶ ᠮᠠᠯᠴᠢᠨ ᠲᠠᠷᠢᠶᠠᠴᠢᠨ ᠡᠯ᠎ᠡ ᠠᠵᠤ ᠠᠬᠤᠶᠢᠯᠠᠯ ᠪᠠ ᠬᠤᠷᠰᠢᠶᠠᠵᠢᠯ ᠳᠤ ᠬᠦᠴᠦᠨ ᠤ ᠠᠵᠢᠯ ᠬᠢᠵᠦ᠂ ᠭᠡᠷ᠎ᠡ ᠶᠢᠨ ᠠᠵᠢᠯᠴᠢᠨ ᠤ ᠵᠢᠯ ᠤᠨ ᠳᠤᠮᠳᠠᠴᠢ ᠣᠷᠣᠯᠭ᠎ᠠ 4 ᠲᠦᠮᠡᠨ ᠲᠥᠭᠦᠷᠢᠭ ᠠᠴᠠ ᠳᠡᠭᠡᠭᠰᠢ ᠬᠦᠷᠪᠡ᠃ ᠲᠤᠬᠠᠶ ᠶᠢᠨ ᠭᠠᠵᠠᠷ ᠤᠨ 200 ᠭᠠᠷᠤᠶ ᠡᠷᠦᠬᠡ ᠶᠢᠨ 700 ᠭᠠᠷᠤᠶ ᠬᠥᠮᠦᠨ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠶᠢᠨ ᠬᠠᠮᠲᠤ ᠰᠦ ᠶᠢᠨ ᠠᠵᠤ ᠦᠢᠯᠡᠰ᠂ ᠢᠳᠡᠭᠡᠨ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡ᠂ ᠵᠢᠭᠤᠯᠴᠢᠯᠠᠯ᠂ ᠮᠠᠰᠢᠨ ᠲᠥᠬᠦᠭᠡᠷᠦᠮᠵᠢ ᠲᠦᠷᠢᠶᠡᠰᠦᠯᠡᠬᠦ ᠵᠡᠷᠭᠡ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠬᠦᠴᠦᠨ ᠨᠡᠮᠡᠷᠢᠯᠡᠵᠦ᠂ ᠠᠷᠤ ᠬᠤᠷᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号