ᠨᠠᠮᠤᠷ ᠤᠨ ᠬᠤᠷᠢᠶᠠᠯᠲᠠ ᠬᠦᠷᠴᠤ ᠢᠷᠡᠬᠦ ᠶᠢ ᠳᠠᠭᠠᠯᠳᠤᠨ᠂ ᠦᠷᠭᠡᠨ ᠤᠯᠠᠨ ᠮᠠᠯᠴᠢᠨ ᠲᠦᠮᠡᠨ ᠤ ᠡᠪᠡᠰᠦ | ᠪᠤᠷᠳᠤᠭ᠎ᠠ ᠨᠦᠭᠡᠴᠡᠯᠡᠬᠦ ᠠᠵᠢᠯ ᠴᠦ ᠡᠬᠢᠯᠡᠯ᠎ᠡ᠃ | | | | ᠣᠳᠣᠬᠠᠨ ᠤ ᠮᠠᠯ ᠤᠨ ᠦᠨ᠎ᠡ ᠬᠠᠩᠰᠢ ᠪᠠᠭᠤᠷᠠᠵᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠡᠪᠡᠰᠦ | ᠪᠤᠷᠳᠤᠭ᠎ᠠ ᠨᠦᠭᠡᠴᠡᠯᠡᠬᠦ ᠠᠵᠢᠯ ᠢ ᠰᠠᠶᠢᠳᠤᠷ ᠬᠢᠵᠤ ᠮᠠᠯᠴᠢᠳ ᠤᠨ ᠡᠪᠤᠯ ᠬᠠᠪᠤᠷ ᠢ ᠠᠮᠤᠷ ᠮᠠᠨᠲᠤ ᠦᠩᠭᠡᠷᠡᠭᠦᠯᠬᠦ ᠶᠢ | ᠪᠠᠳᠣᠯᠠᠬᠤ ᠶᠢᠨ ᠲᠦᠯᠥᠭᠡ᠂ 9 ᠰᠠᠷ᠎ᠠ ᠶᠢᠨ 19 ᠤ ᠡᠳᠤᠷ᠂ ᠬᠤᠨᠳᠤ ᠪᠠᠯᠭᠠᠰᠤ ᠶᠢᠨ ᠬᠢᠨ ᠬᠠᠮᠢᠶ᠎ᠠ ᠪᠦᠬᠦᠢ | ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠵᠢᠴᠢ ᠡᠯ᠎ᠡ ᠭᠠᠴᠠᠭᠠᠨ ᠤ ᠱᠦᠵᠢ ᠨᠠᠷ ᠢ ᠵᠣᠬᠢᠶᠠᠨ | ᠪᠠᠶᠢᠭᠤᠯᠤᠨ᠂ ᠡᠪᠡᠰᠦ ᠪᠤᠷᠳᠤᠭ᠎ᠠ ᠶᠢᠨ ᠨᠦᠭᠡᠴᠡᠯᠡᠯᠲᠠ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠤᠨ | ᠲᠤᠬᠠᠢ ᠣᠶᠢᠯᠠᠭᠠᠬᠤ ᠪᠠᠷ ᠵᠢᠭᠠᠰᠤᠲᠠᠢ ᠪᠠᠯᠭᠠᠰᠤ᠂ ᠱᠤᠤ ᠪᠠᠯᠭᠠᠰᠤᠨ ᠳᠤ ᠬᠦᠷᠴᠤ᠂ ᠪᠤᠷᠲᠤᠭᠠᠨ ᠤ ᠨᠣᠬᠠᠢ ᠶᠢᠨ | ᠬᠤᠰᠢᠭᠤ᠂ ᠪᠣᠷᠣ ᠴᠠᠷᠭᠠᠰᠤ᠂ ᠬᠥᠬᠡ ᠡᠪᠡᠰᠦ ᠵᠡᠷᠭᠡ ᠡᠪᠡᠰᠦ ᠪᠤᠷᠳᠤᠭᠠᠨ ᠤ ᠰᠢᠮ᠎ᠡ ᠲᠡᠵᠢᠭᠡᠯ᠂ ᠶᠠᠰᠤ ᠴᠢᠨᠠᠷ᠂ | ᠦᠨ᠎ᠡ ᠬᠠᠩᠰᠢ ᠵᠢᠴᠢ ᠡᠳ᠋ᠰᠢᠭᠦᠯᠤᠨ ᠪᠣᠯᠪᠠᠰᠤᠷᠠᠭᠤᠯᠤᠯᠲᠠ ᠶᠢᠨ ᠲᠤᠬᠠᠢ ᠨᠠᠷᠢᠨ ᠣᠶᠢᠯᠠᠭᠠᠪᠠ᠃ | | | | ᠲᠠᠷᠠᠭᠠᠴᠢ ᠪᠠᠷ᠂ ᠬᠤᠨᠳᠤ ᠪᠠᠯᠭᠠᠰᠤ ᠶᠢᠨ ᠬᠢᠨ ᠮᠠᠯ ᠲᠠᠷᠢᠶᠠᠯᠠᠩ ᠳᠤ ᠦᠢᠯᠡᠴᠢᠯᠡᠬᠦ ᠠᠷᠭ᠎ᠠ ᠬᠡᠯᠪᠡᠷᠢ ᠪᠠᠨ | ᠦᠷᠭᠦᠯᠵᠢᠯᠡᠨ ᠰᠢᠯᠢᠳᠡᠭᠵᠢᠭᠦᠯᠬᠦ ᠪᠠ ᠰᠢᠨ᠎ᠡ ᠶᠢ ᠡᠭᠦᠳᠴᠦ᠂ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ | ᠪᠣᠯᠣᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠢᠯᠡᠭᠦᠭᠡᠨ ᠣᠶᠢᠯᠠᠭᠠᠵᠤ᠂ ᠮᠠᠯᠴᠢᠨ ᠲᠠᠷᠢᠶᠠᠴᠢᠨ ᠳᠤ | ᠦᠨ᠎ᠡ ᠬᠠᠩᠰᠢ ᠳᠣᠣᠷ᠎ᠠ ᠪᠥᠭᠡᠳ ᠰᠢᠮ᠎ᠡ ᠲᠡᠵᠢᠭᠡᠯ ᠰᠠᠶᠢᠲᠠᠢ ᠡᠪᠡᠰᠦ ᠪᠤᠷᠳᠤᠭ᠎ᠠ ᠬᠠᠷᠢᠯᠴᠠᠵᠤ ᠦᠭᠴᠦ ᠨᠡᠩ | ᠰᠠᠶᠢᠨ ᠣᠶᠢᠯᠠᠴᠢᠯᠠᠨ᠂ ᠣᠯᠠᠨ ᠲᠦᠮᠡᠨ ᠤ ᠰᠡᠣᠡᠬᠢᠯ ᠵᠣᠪᠠᠵᠤ ᠪᠠᠶᠢᠭ᠎ᠠ᠂ ᠠᠩᠬᠠᠷᠤᠯ ᠲᠠᠯᠪᠢᠵᠤ ᠪᠠᠶᠢᠭ᠎ᠠ ᠣᠴᠢᠷ | ᠶᠠᠪᠤᠳᠠᠯ ᠢ ᠪᠦᠲᠤᠮᠵᠢᠲᠠᠢ ᠰᠢᠢᠣᠡᠪᠣᠷᠢᠯᠡᠵᠤ᠂ ᠤᠯᠠᠨ ᠲᠦᠮᠡᠨ ᠳᠤ ᠦᠢᠯᠡᠴᠢᠯᠡᠬᠦ ︽ᠡᠴᠣᠰ ᠤᠨ ᠨᠢᠭᠡ ᠺᠢᠯᠤᠮᠧᠲᠷ︾ | ᠢ ᠰᠠᠭᠠᠳ ᠦᠭᠡᠢ ᠨᠡᠪᠳᠡᠷᠡᠭᠦᠯᠵᠤ᠂ ᠬᠦᠳᠡᠭᠡ ᠲᠣᠰᠬᠤᠨ ᠢ ᠬᠥᠭᠵᠢᠭᠦᠯᠦᠨ ᠮᠠᠨᠲᠤᠭᠤᠯᠬᠤ ᠳᠤ ᠬᠠᠮᠲᠤ ᠶᠢᠨ | ᠬᠦᠴᠦᠨ ᠢ ᠨᠢᠡᠡᠳᠡᠷᠡᠭᠤᠯᠣᠨ᠂ ᠠᠮᠢᠵᠢᠷᠡᠯ ᠤᠨ ᠬᠦᠴᠦᠨ ᠢ ᠨᠡᠮᠡᠭᠳᠡᠭᠦᠯᠵᠤ᠂ ᠪᠦᠲᠣᠮᠵᠢ ᠠᠰᠢᠭ ᠢ | ᠳᠡᠭᠡᠭᠰᠢᠯᠡᠭᠦᠯᠬᠦ ᠪᠠᠷ ᠦᠷᠭᠦᠯᠵᠢᠯᠡᠨ ᠴᠢᠷᠮᠡᠶᠢᠨ ᠠᠵᠢᠯᠯᠠᠬᠤ ᠪᠣᠯᠣᠨ᠎ᠠ᠃ | ᠴᠢᠮᠡᠭᠡᠯᠡᠭᠴᠢ᠄ ᠴᠦᠨ ᠬᠤᠸᠠ | | |