ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠦᠬᠦ ᠬᠤᠰᠢᠭᠤᠨ ᠤ ᠬᠠᠤᠯᠢ ᠴᠠᠭᠠᠵᠠ ᠶᠢᠨ ᠣᠯᠠᠨ ᠨᠡᠶᠢᠳᠠ ᠶᠢ ᠢᠳᠡᠭᠡᠬᠦᠯᠬᠦ ᠬᠦᠴᠦᠨ ᠤ ᠪᠠᠶᠢᠭᠤᠯᠣᠯᠳᠡ ᠶᠢᠨ ᠪᠠᠶᠢᠳᠠᠯ ᠤᠨ ᠲᠤᠬᠠᠢ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/9/21
       9 ᠰᠠᠷ᠎ᠠ ᠶᠢᠨ 20 ᠤ ᠡᠳᠤᠷ᠂ ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ᠬᠠᠤᠯᠢ ᠴᠠᠭᠠᠵᠠ ᠶᠢᠨ ᠤᠯᠠᠨ ᠨᠡᠶᠢᠳᠠ ᠶᠢ ᠢᠳᠡᠭᠡᠭᠦᠯᠭᠦ ᠬᠦᠴᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠪᠡ᠃ ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠵᠠᠩ ᠰᠢᠣᠢ ᠫᠸᠡᠭ᠂ ᠬᠤᠰᠢᠭᠤᠨ ᠠᠷᠠᠳ ᠤᠨ ᠰᠢᠭᠦᠬᠦ ᠬᠤᠷᠢᠶ᠎ᠠ ᠶᠢᠨ ᠨᠠᠮ ᠤᠨ ᠣᠳᠣᠷᠢᠣᠡᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠤ᠋ ᠰᠢᠣᠢ ᠭᠤᠸᠠᠩ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠣᠳᠣᠭᠠᠲᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠱᠤᠸᠠᠩ ᠱᠸᠡᠭ ᠪᠠᠯᠭᠠᠰᠤᠨ ᠳᠤ ᠬᠦᠨᠵᠡᠭᠡᠶᠢᠷᠡᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠢ ᠶᠢᠨ ᠲᠡᠯᠠᠪᠤᠷ ᠤᠨ ᠬᠠᠷᠢᠭᠤ ᠮᠡᠳᠡᠭᠦᠯᠤᠯᠲᠠ ᠶᠢ ᠰᠣᠨᠣᠰᠬᠤ ᠠᠷᠭ᠎ᠠ ᠮᠠᠶ᠋ᠢᠭ ᠢᠶᠠᠷ ᠲᠠᠮᠵᠢᠭᠤᠯᠤᠨ᠂ ︽ᠬᠤᠷᠢᠶ᠎ᠠ ᠲᠢᠩᠭᠢᠮ ᠬᠤᠯᠪᠣᠭᠠᠯᠠᠨ ᠬᠦᠳᠡᠯᠣᠯᠴᠡᠬᠦ︾ ᠠᠵᠢᠯ ᠦᠷᠨᠢᠭᠦᠯᠤᠭ᠍ᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠦᠷᠨᠢᠭᠦᠯᠪᠠ᠃
       ᠶᠠᠷᠢᠯᠴᠠᠬᠤ ᠬᠤᠷᠠᠯ ᠳᠡᠭᠡᠷ᠎ᠡ᠂ ᠵᠦ ᠰᠢᠣᠢ ᠭᠤᠸᠠᠩ ᠵᠢᠴᠢ ᠪᠠᠶᠢᠴᠠᠭᠠᠬᠤ ᠬᠤᠷᠢᠶ᠎ᠠ᠂ ᠲᠣᠳᠤᠭᠠᠲᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠲᠣᠰ ᠲᠣᠰ ᠬᠠᠤᠯᠢ ᠴᠠᠭᠠᠵᠠ ᠶᠢᠨ ᠤᠯᠠᠨ ᠨᠡᠶᠢᠳᠡ ᠶᠢ ᠢᠳᠡᠭᠡᠭᠦᠯᠬᠦ ᠬᠦᠴᠤᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠠ ᠬᠢᠵᠠᠢ᠃ ᠬᠤᠷᠠᠯ ᠳᠤ ᠣᠷᠣᠯᠴᠬᠠᠰᠡᠨ ᠡᠯ᠎ᠡ ᠲᠦᠯᠥᠭᠡᠯᠡᠭᠴᠢᠳ ᠢᠳᠡᠪᠬᠢᠲᠡᠢ ᠪᠠᠷ ᠰᠠᠨᠠᠯ ᠰᠠᠨᠠᠭᠤᠯᠭ᠎ᠠ ᠥᠭᠬᠦ ᠶᠢᠨ ᠬᠠᠮᠲᠤ ᠰᠤᠳᠤᠯᠤᠨ ᠶᠠᠷᠢᠯᠴᠠᠪᠠ᠃
       ᠵᠠᠩ ᠰᠢᠣᠢ ᠫᠧᠩ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠳᠡᠭᠡᠭᠦᠯᠬᠦ ᠬᠦᠴᠣᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠨᠡᠶᠢᠭᠡᠮ ᠤᠨ ᠡᠶ᠎ᠡ ᠵᠣᠬᠢᠴᠡᠯ ᠲᠠᠢ ᠲᠣᠭᠲᠠᠭᠤᠨ ᠪᠠᠶᠢᠳᠠᠯ ᠢ ᠪᠠᠲᠤᠯᠠᠬᠤ᠂ ᠬᠠᠤᠯᠢ ᠪᠠᠷ ᠵᠠᠰᠠᠬᠤ ᠨᠡᠶᠢᠭᠡᠮ ᠤᠨ ᠬᠥᠭᠵᠢᠯᠲᠠ ᠶᠢ ᠠᠬᠢᠭᠤᠯᠬᠤ ᠶᠢᠨ ᠴᠢᠬᠤᠯᠠ ᠰᠠᠭᠤᠷᠢ ᠪᠣᠯᠤᠨ᠎ᠠ᠃ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠣᠡᠬᠠᠵᠤ᠂ ᠬᠠᠤᠯᠢ ᠴᠠᠭᠠᠵᠠ ᠶᠢᠨ ᠠᠵᠢᠯᠳᠠᠨ ᠤ ᠤᠯᠤᠰ ᠲᠦᠷᠤ ᠶᠢᠨ ᠬᠡᠪ ᠪᠣᠯᠪᠡᠰᠤᠷᠠᠯ ᠪᠠ ᠲᠣᠬᠠᠶᠢᠯᠬᠠᠰᠡᠨ ᠠᠵᠢᠯ ᠤᠨ ᠴᠢᠳᠡᠪᠤᠷᠢ ᠶᠢ ᠲᠡᠭᠡᠭᠰᠢᠯᠡᠭᠦᠯᠭᠦ ᠬᠡᠷᠡᠭᠲᠡᠢ᠃ ᠬᠠᠤᠯᠢ ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠲᠦᠷᠢᠮ ᠢ ᠲᠡᠰᠤᠷᠠᠯᠲᠡ ᠦᠭᠡᠢ ᠰᠠᠶᠢᠵᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ ︽ᠬᠠᠤᠯᠢ ᠶᠢ ᠵᠠᠪᠠᠯ ᠴᠢᠩᠭ᠎ᠠ ᠭᠡᠷᠡᠭᠵᠢᠭᠦᠯᠵᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ︾ ᠶᠢ ᠪᠠᠷᠢᠮᠳᠠᠯᠠᠵᠤ᠂ ᠬᠠᠤᠯᠢ ᠬᠡᠷᠡᠭᠵᠢᠭᠦᠯᠬᠦ ᠠᠵᠢᠯ ᠤᠨ ᠵᠢᠷᠤᠮᠵᠢᠭᠤᠨ ᠴᠢᠨᠠᠷ ᠪᠠ ᠲᠦᠪ ᠭᠤᠤᠯᠴᠢ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠬᠠᠤᠯᠢ ᠴᠠᠭᠠᠵᠠ ᠶᠢᠨ ᠬᠢᠨᠡᠯᠲᠠ ᠶᠢᠨ ᠲᠣᠭᠳᠠᠴᠠ ᠶᠢ ᠲᠡᠭᠦᠯᠳᠡᠷᠵᠢᠭᠦᠯᠵᠤ᠂ ᠲᠣᠳᠤᠭᠠᠲᠤ ᠶᠢᠨ ᠬᠢᠨᠠᠯᠲᠠ ᠵᠢᠴᠢ ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠂ ᠬᠢᠨᠠᠯᠲᠠ ᠪᠠᠷ ᠲᠠᠮᠵᠢᠨ ᠲᠥᠪ ᠭᠤᠤᠯᠴᠢ ᠪᠠᠷ ᠬᠠᠤᠯᠢ ᠪᠠᠷᠢᠬᠤ ᠶᠢ ᠠᠬᠢᠭᠤᠯᠵᠤ᠂ ᠬᠠᠤᠯᠢᠵᠢᠯ ᠤᠨ ᠤᠬᠠᠭᠤᠯᠭ᠎ᠠ ᠬᠥᠮᠤᠵᠢᠯ ᠢ ᠴᠢᠩᠭᠠᠳᠬᠠᠵᠤ᠂ ᠪᠥᠬᠦ ᠨᠡᠶᠢᠭᠡᠮ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠤᠯᠠᠨ ᠨᠡᠶᠢᠳᠠ ᠶᠢ ᠢᠳᠡᠭᠡᠭᠦᠯᠬᠦ ᠬᠦᠴᠦᠨ ᠤ ᠪᠠᠶᠢᠭᠤᠯᠤᠯᠲᠠ ᠶᠢᠨ ᠰᠢᠨ᠎ᠡ ᠳᠡᠭᠳᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ︵ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号