ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠤᠩᠬᠡᠶᠢᠯᠡᠨ ᠪᠠᠶᠢᠴᠠᠭᠠᠬᠤ ᠲᠣᠭᠤᠶᠢᠯᠠᠩ ᠠᠷᠤ ᠬᠤᠷᠴᠢᠨ ᠬᠤᠰᠢᠭᠤᠨ ᠳᠤ ᠬᠢᠨᠠᠨ ᠵᠢᠯᠤᠭᠤᠳᠴᠤ ᠪᠠᠶᠢᠴᠠᠭᠠᠬᠤ ᠶᠢᠨ ᠬᠠᠮᠲᠤ ᠬᠠᠷᠢᠭᠤ ᠮᠡᠳᠡᠭᠦᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/23
       9 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠤᠩᠬᠡᠶᠢᠯᠠᠨ ᠪᠠᠶᠢᠴᠠᠭᠠᠬᠤ ᠲᠣᠭᠤᠶᠢᠯᠠᠩ ᠠᠷᠤ ᠬᠤᠷᠴᠢᠨ ᠬᠤᠰᠢᠭᠤᠨ ᠳᠤ ᠬᠢᠨᠠᠨ ᠵᠢᠯᠤᠭᠤᠳᠴᠤ ᠪᠠᠶᠢᠴᠠᠭᠠᠬᠤ ᠶᠢᠨ ᠬᠠᠮᠲᠤ ᠬᠠᠷᠢᠭᠤ ᠮᠡᠳᠡᠭᠦᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠰᠢᠭᠤᠨ ᠵᠠᠰᠠᠭ ᠤᠨ ᠤᠷᠳᠤᠨ ᠤ ᠲᠠᠷᠤᠭ᠎ᠠ ᠴᠧᠨ ᠬᠤ᠋ ᠨᠠᠨ ᠬᠤᠷᠠᠯ ᠡᠷᠬᠢᠯᠡᠵᠤ᠂ ᠦᠪᠡᠷᠳᠡᠭᠡᠨ ᠵᠠᠰᠠᠬᠤ ᠣᠷᠣᠨ ᠤ ᠣᠢ ᠰᠢᠭᠤᠢ ᠪᠠ ᠨᠤᠳᠤᠭ ᠪᠠᠯᠴᠢᠭᠡᠷ ᠤᠨ ᠲᠣᠪᠴᠢᠶ᠎ᠡ ᠶᠢᠨ ᠲᠡᠳ᠋ ᠳᠠᠷᠤᠭ᠎ᠠ ᠴᠧᠨ ᠶᠦᠩ ᠴᠢᠤᠸᠠᠨ᠂ ᠥᠪᠡᠷᠳᠡᠭᠡᠨ ᠵᠠᠰᠠᠬᠤ ᠣᠷᠣᠨ ᠤ ᠣᠢ ᠰᠢᠭᠤᠢ ᠪᠠ ᠨᠤᠳᠤᠭ ᠪᠡᠯᠴᠢᠭᠡᠷ ᠤᠨ ᠰᠡᠷᠭᠡᠶᠢᠯᠡᠨ ᠵᠠᠰᠠᠬᠤ ᠶᠡᠷᠦᠩᠬᠡᠢ ᠥᠷᠲᠡᠭᠡ ᠶᠢᠨ ᠳᠠᠷᠤᠭ᠎ᠠ ᠵᠣᠣ ᠱᠧᠩ ᠭᠦᠸᠧ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠳᠤᠭ ᠪᠠᠯᠴᠢᠭᠡᠷ ᠤᠨ ᠲᠦᠯᠥᠪᠵᠢᠭᠦᠯᠭᠡ ᠶᠢᠨ ᠬᠦᠷᠢᠶᠡᠯᠡᠩ ᠤᠨ ᠳᠡᠳ᠋ ᠳᠠᠷᠤᠭ᠎ᠠ ᠶᠠᠩ ᠶᠦᠩ᠂ ᠬᠤᠲᠠ ᠶᠢᠨ ᠣᠢ ᠰᠢᠭᠤᠢ ᠪᠠ ᠡᠪᠡᠰᠦ ᠪᠡᠯᠴᠢᠭᠡᠷ ᠤᠨ ᠲᠣᠪᠴᠢᠶ᠎ᠠ ᠶᠢᠨ ᠲᠡᠳ᠋ ᠳᠠᠷᠤᠭ᠎ᠠ ᠴᠧᠨ ᠽᠥᠩ ᠲᠣᠣ ᠬᠤᠷᠠᠯ ᠳᠤ ᠣᠷᠣᠯᠴᠠᠵᠠᠢ᠃
       ᠬᠠᠷᠢᠭᠤ ᠮᠡᠳᠡᠭᠦᠯᠤᠯᠲᠠ ᠶᠢᠨ ᠬᠤᠷᠠᠯ ᠳᠡᠭᠡᠷ᠎ᠡ᠂ ᠪᠠᠶᠢᠴᠠᠭᠠᠬᠤ ᠲᠤᠭᠤᠶᠢᠯᠠᠩ ᠤᠨ ᠬᠢᠨ ᠠᠷᠤ ᠬᠤᠷᠴᠢᠨ ᠬᠤᠰᠢᠭᠤᠨ ᠤ ᠣᠢ ᠰᠢᠭᠤᠢ ᠪᠠ ᠨᠤᠳᠤᠭ ᠪᠠᠯᠴᠢᠭᠡᠷ ᠤᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠠᠰᠠᠭᠤᠨ ᠶᠠᠷᠢᠯᠴᠠᠵᠤ᠂ ᠪᠠᠶᠢᠴᠠᠭᠠᠯᠲᠠ ᠶᠢᠨ ᠳᠤᠮᠲᠠ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠬᠠᠷᠢᠭᠤ ᠲᠣᠰᠬᠠᠬᠤ ᠶᠢᠨ ᠬᠠᠮᠲᠤ ᠵᠢᠯᠤᠭᠤᠤᠡᠬᠤ ᠴᠢᠨᠠᠷᠲᠠᠢ ᠰᠠᠨᠠᠯ ᠦᠭᠪᠡ᠃ ᠬᠤᠷᠠᠯ ᠳᠤ ᠤᠷᠤᠯᠴᠬᠠᠰᠠᠤᠨ ᠴᠢᠬᠤᠯᠠ ᠶᠡᠭᠡ ᠠᠮᠢ ᠠᠬᠤᠢ ᠶᠢᠨ ᠢᠡᠵᠧᠨᠧᠷᠢᠩ ᠤᠨ ᠪᠦᠳᠣᠭᠡᠨ ᠪᠠᠶᠢᠭᠤᠯᠤᠯᠲᠠ᠂ ᠨᠤᠳᠤᠭ ᠪᠠᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠬᠦ ᠠᠰᠠᠭᠤᠳᠠᠯ ᠢ  ᠰᠢᠢᠣᠡᠪᠣᠷᠢᠯᠡᠬᠦ᠂ ᠨᠤᠲᠤᠭ ᠪᠡᠯᠴᠢᠭᠡᠷ ᠤᠨ ᠬᠠᠮᠠᠭᠠᠯᠡᠯᠲᠠ ᠬᠥᠭᠵᠢᠯᠲᠠ ᠶᠢᠨ ᠶᠡᠷᠤᠩᠬᠡᠶᠢᠯᠡᠭᠰᠡᠨ ᠦᠭᠡᠷᠡᠴᠢᠯᠡᠯᠲᠠ ᠶᠢᠨ ᠲᠤᠷᠰᠢᠯᠲᠠ ᠶᠢᠨ ᠣᠷᠣᠨ ᠢ ᠡᠭᠦᠳᠣᠨ ᠪᠠᠶᠢᠭᠤᠯᠬᠤ ᠵᠡᠷᠭᠡ ᠠᠵᠢᠯ ᠤᠨ ᠳᠣᠭᠤᠷᠢᠨ ᠳᠤ ᠬᠦᠨᠵᠡᠭᠡᠢ ᠰᠤᠳᠤᠯᠤᠨ  ᠶᠠᠷᠢᠯᠴᠠᠪᠠ᠃
       ᠴᠧᠨ ᠶᠦᠩ ᠴᠢᠤᠸᠠᠨ ᠠᠷᠤ ᠬᠤᠷᠴᠢᠨ ᠬᠤᠰᠢᠭᠤᠨ ᠤ ᠣᠢ ᠰᠢᠭᠤᠢ ᠪᠠ ᠨᠤᠲᠤᠭ ᠪᠠᠯᠴᠢᠭᠡᠷ ᠤᠨ ᠠᠵᠢᠯ ᠦᠷᠨᠢᠭᠦᠯᠦᠭᠰᠡᠨ ᠪᠠᠶᠢᠳᠡᠯ ᠢ ᠭᠦᠢᠴᠡᠳ ᠨᠤᠳᠠᠯᠠᠬᠤ ᠶᠢᠨ ᠬᠠᠮᠲᠤ᠂ ︽ᠬᠥᠭᠡᠮᠳᠦᠭ ᠨᠤᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠦᠩᠭᠦᠨ ᠠᠭᠤᠯᠠ ᠮᠥᠨ︾ ᠭᠡᠬᠦ ᠣᠶᠢᠯᠠᠭᠠᠡᠡᠳᠠᠬᠤᠨ ᠢ ᠪᠠᠲᠤ ᠪᠠᠬᠢ ᠪᠣᠢ ᠪᠣᠯᠭᠠᠵᠤ᠂ ᠣᠳᠣ ᠶᠢᠨ ᠪᠠᠶᠢᠭ᠎ᠠ ᠣᠶᠢᠳᠤ ᠭᠠᠵᠠᠷ ᠪᠠ ᠨᠤᠳᠤᠭ ᠪᠠᠯᠴᠢᠭᠡᠷ ᠤᠨ ᠡᠬᠢ  ᠪᠠᠶᠠᠯᠢᠭ  ᠢ  ᠰᠠᠶᠢᠲᠤᠷ  ᠭᠦᠢᠴᠡᠳ  ᠬᠡᠷᠡᠭᠯᠡᠵᠤ᠂ ᠨᠤᠳᠤᠭ ᠪᠠᠯᠴᠢᠭᠡᠷ ᠤᠨ ᠳᠠᠭᠠᠭᠠᠴᠠ ᠠᠴᠠ ᠭᠡᠳᠤᠷᠠᠳᠠᠯ᠎ᠠ ᠪᠠᠯᠴᠢᠭᠡᠷᠯᠡᠭᠦᠯᠬᠦ ᠠᠰᠠᠭᠤᠳᠠᠯ ᠢ ᠰᠢᠢᠣᠡᠪᠣᠷᠢᠯᠡᠬᠦ ᠲᠤᠷᠰᠢᠯᠲᠠ ᠶᠢᠨ ᠴᠡᠭ ᠤᠨ ᠡᠭᠦᠷᠭᠡ ᠶᠢ ᠴᠢᠨᠠᠷ ᠰᠠᠶᠢᠳᠡᠢ ᠪᠠᠶᠠᠯᠡᠭᠦᠯᠵᠦ᠂ ᠨᠤᠳᠤᠭ ᠪᠡᠯᠴᠢᠭᠡᠷ ᠢ ᠬᠠᠮᠠᠭᠠᠯᠠᠨ ᠬᠥᠭᠵᠢᠭᠦᠯᠬᠦ ᠶᠠᠷᠤᠩᠬᠡᠶᠢᠯᠡᠭᠰᠡᠨ ᠦᠭᠡᠷᠡᠴᠢᠯᠡᠯᠲᠠ ᠶᠢᠨ ᠲᠤᠷᠰᠢᠯᠲᠡ ᠶᠢᠨ ᠣᠷᠣᠨ ᠤ ᠲᠤᠷᠰᠢᠯᠲᠡ ᠶᠢᠨ ᠴᠡᠭ ᠤᠨ ᠪᠦᠳᠣᠭᠡᠨ ᠪᠠᠶᠢᠭᠤᠯᠤᠯᠲᠠ ᠶᠢ ᠯᠠᠪᠳᠡᠭᠤᠨ ᠪᠠᠲᠤᠲᠠᠢ ᠦᠷᠨᠢᠭᠦᠯᠤᠨ᠂ ᠣᠢ ᠰᠢᠭᠤᠢ ᠪᠠ ᠨᠤᠳᠤᠭ ᠪᠡᠯᠴᠢᠭᠡᠷ ᠤᠨ ᠠᠮᠢ ᠠᠬᠤᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠨᠢᠭᠡ ᠪᠦᠯᠦᠭ ᠥᠪᠡᠷᠮᠢᠴᠠ ᠣᠨᠴᠠᠯᠢᠭ ᠲᠠᠢ᠂ ᠬᠠᠭᠤᠯᠪᠤᠷᠢᠯᠠᠵᠤ ᠪᠣᠯᠬᠤᠶᠢᠴᠠ᠂ ᠲᠡᠯᠭᠡᠷᠡᠭᠦᠯᠵᠤ ᠪᠣᠯᠬᠤᠶᠢᠴᠠ ︽ᠠᠷᠤ ᠬᠤᠷᠴᠢᠨ ᠬᠤᠰᠢᠭᠤᠨ ᠤ ᠦᠯᠢᠭᠡᠷ ᠶᠠᠩᠵᠤ︾ ᠶᠢ ᠴᠢᠷᠮᠡᠶᠢᠨ ᠪᠣᠢ ᠪᠣᠯᠭᠠᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠᠷ ᠭᠤᠣᠯ ᠰᠢᠪᠳᠤᠯᠤᠯᠲᠡ ᠶᠢᠨ ᠴᠢᠭᠯᠡᠯ ᠪᠣᠯᠭᠠᠵᠤ᠂ ︽ᠭᠤᠷᠪᠠᠨ ᠤᠮᠠᠷᠡᠲᠤ︾᠂ ᠡᠯᠡᠰᠤᠷᠬᠡᠭᠵᠢᠯ ᠢ ᠰᠡᠷᠭᠡᠶᠢᠯᠡᠨ ᠡᠯᠡᠰᠤᠷᠭᠡᠭᠵᠢᠯ ᠢ ᠵᠠᠰᠠᠬᠤ ᠪᠠ ᠰᠠᠯᠬᠢ ᠴᠠᠬᠢᠯᠭᠠᠨ ᠬᠡᠷᠡᠯ ᠢᠯᠴᠢ ᠶᠢ ᠨᠢᠭᠡ ᠴᠤᠭᠴᠠᠵᠢᠭᠤᠯᠬᠤ ᠵᠡᠷᠭᠡ ᠭᠤᠣᠯᠳᠠᠯᠭ᠎ᠠ  ᠲᠠᠢ ᠠᠮᠠᠢ ᠠᠬᠤᠢ ᠶᠢᠨ ᠢᠡᠵᠧᠨᠧᠷᠢᠩ ᠤᠨ ᠪᠦᠳᠣᠭᠡᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠭᠠᠵᠠᠷ ᠣᠷᠣᠨ ᠤ ᠪᠠᠶᠢᠳᠠᠯ ᠳᠤ ᠲᠣᠬᠢᠷᠠᠭᠰᠠᠨ ᠪᠦᠲᠤᠮᠵᠢᠲᠠᠢ ᠠᠮᠠᠢ ᠠᠬᠤᠢ ᠶᠢᠨ ᠵᠠᠰᠠᠯᠲᠠ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠲᠡᠯᠭᠡᠷᠡᠭᠦᠯᠵᠤ᠂ ᠠᠮᠢ ᠠᠬᠤᠢ ᠶᠢᠨ ᠣᠷᠴᠢᠨ ᠲᠤᠭᠤᠷᠢᠨ ᠤ ᠦᠷᠭᠦᠯᠵᠢᠯᠠᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠣᠢ ᠰᠢᠭᠤᠢ ᠪᠠ ᠨᠤᠳᠤᠭ ᠪᠠᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ  ᠶᠢ ᠴᠢᠩᠭᠠᠳᠬᠠᠵᠤ᠂ ᠣᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠨᠠᠷᠢᠯᠢᠭ ᠨᠡᠶᠢᠳᠠᠪᠤᠷᠢᠵᠢᠭᠤᠯᠤᠨ᠂ ᠣᠢ ᠰᠢᠭᠤᠢ ᠪᠠ ᠨᠤᠳᠤᠭ ᠪᠠᠯᠴᠢᠭᠡᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠣᠭᠳᠠᠴᠠ ᠶᠢ ᠪᠠᠶᠢᠭᠤᠯᠤᠨ ᠪᠦᠷᠢᠨᠰᠢᠭᠦᠯᠵᠤ᠂ ᠨᠤᠳᠤᠭ ᠪᠠᠯᠴᠢᠭᠡᠷ ᠣᠶᠢᠳᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠬᠤ ᠶᠢ ᠲᠣᠰᠬᠠᠢ  ᠴᠡᠭᠴᠡᠯᠡᠨ ᠵᠠᠰᠠᠬᠤ ᠣᠨ ᠤ ᠠᠵᠢᠯᠯᠠᠭ᠎ᠠ ᠪᠠ ᠬᠠᠤᠯᠢ ᠠᠴᠠ ᠵᠦᠷᠢᠴᠡᠭᠰᠡᠨ ᠪᠣᠷᠣ ᠵᠢᠷᠤᠭ ᠢ ᠬᠠᠷᠭᠤᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠬᠦᠨᠵᠡᠭᠡᠢ ᠠᠬᠢᠭᠤᠯᠵᠤ᠂ ᠪᠥᠬᠦ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠡᠢ᠃        ᠴᠧᠨ ᠬᠤ᠋ ᠨᠠᠨ ᠢᠯᠡᠷᠭᠡᠶᠢᠯᠡᠬᠦ ᠳᠡᠭᠡᠨ᠂ ᠠᠷᠤ ᠬᠤᠷᠴᠢᠨ ᠬᠤᠰᠢᠭᠤᠨ ᠤ ᠬᠢᠨ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠪᠠᠶᠢᠴᠠᠭᠠᠬᠤ ᠲᠤᠭᠤᠶᠢᠯᠠᠩ ᠤᠨ ᠵᠢᠭᠠᠵᠤ ᠭᠠᠷᠭᠠᠭᠰᠠᠨ ᠲᠤᠲᠠᠭᠤᠳᠠᠯ ᠪᠠ ᠬᠦᠷᠤᠯᠴᠠᠬᠦ ᠦᠭᠡᠢ ᠲᠠᠯ᠎ᠠ ᠶᠢ ᠲᠡᠭᠡᠲᠤ ᠭᠡᠮᠵᠢᠶ᠎ᠡ ᠪᠠᠷ ᠴᠢᠬᠤᠯᠠᠴᠢᠯᠠᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠲᠦᠭᠡᠮᠡᠯ ᠴᠢᠨᠠᠷᠲᠠᠢ᠂ ᠵᠢᠮ᠎ᠠ ᠶᠣᠰᠣᠴᠢ ᠴᠢᠨᠠᠷᠲᠠᠢ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠣᠢ ᠰᠢᠭᠤᠢ ᠪᠠ ᠨᠤᠲᠤᠭ ᠪᠠᠯᠴᠢᠭᠡᠷ ᠤᠨ ᠢᠨᠵᠧᠨᠧᠷᠢᠩ ᠤᠨ ᠪᠦᠳᠤᠭᠡᠨ ᠪᠠᠶᠢᠭᠤᠯᠤᠯᠲᠠ᠂ ᠣᠢ ᠰᠢᠭᠤᠢ ᠪᠠ ᠨᠤᠳᠤᠭ ᠪᠠᠯᠴᠢᠭᠡᠷ ᠤᠨ ᠤᠷᠲᠤ ᠬᠤᠭᠤᠴᠠᠭᠠᠲᠤ ᠲᠦᠷᠢᠮ ᠤᠨ ᠨᠠᠶᠢᠲᠠᠪᠤᠷᠢᠵᠢᠭᠤᠯᠤᠯᠲᠠ᠂ ᠣᠢ ᠰᠢᠭᠤᠢ ᠪᠠ ᠨᠤᠳᠤᠭ ᠪᠠᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠤᠯᠲᠠᠢ ᠲᠦᠯᠤᠪᠵᠢᠭᠦᠯᠦᠨ ᠰᠠᠶᠢᠲᠤᠷ ᠬᠢᠵᠦ᠂ ᠪᠥᠬᠦ ᠬᠤᠰᠢᠭᠤᠨ ᠤ ᠣᠢ ᠰᠢᠭᠤᠢ ᠪᠠ ᠨᠤᠳᠤᠭ ᠪᠠᠯᠴᠢᠭᠡᠷ ᠤᠨ ᠠᠵᠢᠯ ᠤᠨ ᠰᠢᠨ᠎ᠡ ᠳᠡᠭᠲᠡᠷ ᠲᠤ ᠭᠠᠷᠴᠤ᠂ ᠰᠢᠨ᠎ᠡ ᠦᠷ᠎ᠡ ᠪᠦᠲᠣᠮᠵᠢ ᠣᠯᠬᠤ ᠶᠢ ᠠᠬᠢᠭᠤᠯᠤᠨ᠎ᠠ ᠭᠡᠵᠡᠢ᠃
       ᠪᠠᠶᠢᠴᠠᠭᠠᠬᠤ ᠳᠣᠭᠤᠶᠢᠯᠠᠩ ᠤᠨ ᠬᠢᠨ ᠪᠠᠰᠠ ᠪᠠᠶ᠋ᠬᠠᠦ᠋ᠡᠳᠣᠷ ᠰᠤᠮᠤ᠂ ᠬᠠᠨᠰᠦ᠋ᠮ᠎ᠡ ᠰᠤᠮᠤ᠂ ᠬᠤᠨᠳᠤ ᠪᠠᠯᠭᠠᠰᠤ᠂ ᠵᠢᠭᠠᠰᠤᠲᠠᠢ ᠪᠠᠯᠭᠠᠰᠤ᠂ ᠰᠢᠨ ᠮᠢᠨ ᠰᠢᠶᠠᠩ᠂ ᠱᠤᠤ ᠪᠠᠯᠭᠠᠰᠤ᠂ ᠬᠠᠨ ᠠᠭᠤᠯᠠ ᠣᠢ ᠰᠢᠭᠤᠢ ᠶᠢᠨ ᠳᠠᠯᠠᠪᠠᠢ ᠵᠡᠷᠭᠡ ᠭᠠᠵᠠᠷ ᠢᠶᠠᠷ ᠬᠦᠨᠵᠡᠭᠡᠶᠢᠷᠡᠵᠤ ᠮᠠᠯ ᠠᠵᠤ ᠠᠬᠤᠢ ᠶᠢᠨ ᠦᠢᠯᠡᠳᠪᠤᠷᠢᠯᠡᠯ᠂ ᠮᠠᠯ ᠪᠡᠯᠴᠢᠭᠡᠷ ᠢ ᠳᠠᠩᠴᠡᠭᠦᠷᠢ ᠲᠠᠢ ᠪᠠᠶᠢᠯᠭᠠᠬᠤ ᠳᠦᠷᠢᠮ ᠤᠨ ᠨᠡᠶᠢᠲᠡᠪᠤᠷᠢᠵᠢᠭᠤᠯᠤᠯᠲᠠ᠂ ᠭᠤᠣᠯᠳᠠᠯᠭ᠎ᠠ ᠲᠠᠢ ᠠᠮᠢ ᠠᠬᠤᠢ ᠶᠢᠨ ᠢᠡᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠦᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠪᠡ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号