| | 9 ᠰᠠᠷ᠎ᠠ ᠶᠢᠨ 20 ᠤ ᠡᠳᠤᠷ᠂ ᠠᠷᠤ ᠬᠤᠷᠴᠢᠨ ᠬᠤᠰᠢᠭᠤᠨ ᠤ ᠠᠷᠠᠳ ᠤᠨ ᠲᠦᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠪᠦᠬᠦ ᠬᠤᠰᠢᠭᠤᠨ ᠤ ᠳᠤᠮᠳᠠᠲᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠬᠠᠮᠠᠭᠠᠯᠠᠨ ᠬᠦᠭᠵᠢᠭᠦᠯᠬᠦ ᠬᠠᠮᠢᠶ᠎ᠠ ᠪᠦᠬᠦᠢ ᠠᠵᠢᠯ ᠤᠨ ᠲᠤᠬᠠᠢ ᠪᠠᠶᠢᠴᠠᠭᠠᠯᠲᠠ ᠦᠷᠨᠢᠭᠦᠯᠬᠦ ᠶᠢᠨ ᠬᠠᠮᠲᠤ ᠶᠠᠷᠢᠯᠴᠠᠬᠤ | ᠬᠤᠷᠠᠯ ᠬᠤᠷᠠᠯᠳᠤᠭᠤᠯᠪᠠ᠃ ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠡᠷᠬᠢᠯᠡᠭᠴᠢ ᠬᠥᠭᠡᠪᠡᠷᠰ᠂ ᠬᠤᠰᠢᠭᠤᠨ ᠳᠡᠳ᠋ ᠳᠠᠷᠤᠭ᠎ᠠ ᠮᠦᠩᠭᠦᠬᠠᠭᠤᠯᠠ ᠪᠠᠶᠢᠴᠠᠭᠠᠯᠲᠠ ᠳᠤ | ᠣᠷᠣᠯᠴᠠᠪᠠ᠃ | | | | | | ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠤᠷᠢᠳ ᠬᠤᠵᠢᠳ ᠪᠠᠯᠴᠢᠷᠤᠳ ᠰᠤᠮᠤ ᠶᠢᠨ ᠲᠠᠯᠬᠠᠬᠤᠸᠠ | ᠭᠠᠴᠠᠭ᠎ᠠ᠂ ᠵᠢᠭᠠᠰᠤᠲᠠᠢ ᠪᠠᠯᠭᠠᠰᠤ ᠶᠢᠨ ᠤᠯᠠᠭᠠᠡᠬᠠᠳᠠ ᠭᠠᠴᠠᠭ᠎ᠠ᠂ ᠬᠤᠰᠢᠭᠤᠨ ᠮᠦᠽᠸᠢ᠂ ᠦᠨᠳᠦᠰᠣᠳᠡᠨ ᠤ ᠭᠠᠷ | ᠤᠷᠠᠯᠠᠯ ᠤᠨ ᠪᠦᠳᠦᠭᠡᠭᠳᠡᠭᠦᠨ ᠦᠢᠯᠡᠳᠬᠦ ᠪᠣᠯᠪᠡᠰᠤᠷᠠᠯ ᠤᠨ ᠰᠠᠭᠤᠷᠢᠨ ᠵᠡᠷᠭᠡ ᠳᠤ ᠬᠦᠨᠵᠡᠭᠡᠶᠢᠷᠡᠵᠤ᠂ ᠲᠤᠬᠠᠢ ᠶᠢᠨ | ᠭᠠᠵᠠᠷ ᠲᠤᠨᠢ ᠪᠠᠶᠢᠴᠡᠭᠠᠨ ᠦᠵᠡᠬᠦ᠂ ᠲᠤᠬᠠᠢ ᠶᠢᠨ ᠳᠠᠯᠡᠪᠠᠢ ᠶᠢᠨ ᠬᠠᠷᠢᠭᠤ ᠮᠡᠳᠡᠭᠦᠯᠦᠯᠲᠠ ᠶᠢ ᠰᠤᠨᠣᠰᠬᠤ ᠵᠠᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ ᠳᠤᠮᠳᠠᠲᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠵᠤ ᠬᠥᠭᠵᠢᠭᠦᠯᠬᠦ | ᠬᠠᠮᠢᠶ᠎ᠠ ᠪᠦᠬᠦᠢ ᠠᠵᠢᠯ ᠢ ᠦᠷᠨᠢᠭᠦᠯᠵᠤ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠯᠲᠠ ᠦᠷᠨᠢᠭᠦᠯᠪᠡ᠃ | | | | ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠦᠨᠳᠦᠰᠣᠲᠠᠨ ᠤ ᠬᠡᠷᠡᠭ ᠡᠷᠬᠢᠯᠡᠬᠦ ᠵᠥᠪᠯᠡᠯ᠂ ᠬᠤᠰᠢᠭᠤᠨ | ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠳᠠᠨ ᠲᠣᠰ ᠲᠣᠰ ᠲᠣᠮᠳᠠᠲᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠨ ᠬᠦᠭᠵᠢᠭᠦᠯᠬᠦ | ᠬᠠᠮᠢᠶ᠎ᠠ ᠪᠦᠬᠦᠢ ᠠᠵᠢᠯ ᠢ ᠦᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠤᠯᠲᠠ ᠬᠢᠵᠦ᠂ ᠬᠤᠷᠠᠯ ᠳᠤ | ᠣᠷᠣᠯᠴᠬᠠᠰᠡᠣᠨ ᠢᠳᠡᠪᠬᠢᠲᠠᠢ ᠪᠠᠷ ᠰᠠᠨᠠᠯ ᠰᠠᠨᠠᠭᠤᠯᠭ᠎ᠠ ᠲᠤᠷᠠᠳᠬᠤ ᠶᠢᠨ ᠬᠠᠮᠲᠤ ᠰᠤᠯᠢᠯᠴᠠᠨ ᠶᠠᠷᠢᠯᠴᠠᠵᠤ᠂ | ᠮᠦᠩᠭᠦᠬᠠᠭᠤᠯᠠ ᠤᠪᠣᠷ ᠢᠶᠠᠨ ᠢᠯᠡᠳᠭᠡᠬᠦ ᠦᠭᠡ ᠬᠡᠯᠡᠪᠡ᠃ | | | | ᠬᠥᠭᠡᠪᠡᠷᠰ ᠴᠢᠬᠤᠯᠠᠴᠢᠯᠬᠠᠰᠡᠨ ᠨᠢ᠂ ᠬᠠᠮᠠᠭᠠᠯᠠᠵᠤ ᠬᠥᠭᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ᠂ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠵᠤ᠂ ᠰᠢᠯᠢᠳᠡᠭ | ᠤᠯᠠᠮᠵᠢᠯᠠᠯᠲᠤ ᠰᠣᠶᠣᠯ ᠤᠨ ᠰᠢᠨ᠎ᠡ ᠶᠢ ᠡᠭᠦᠳᠬᠦ ᠴᠢᠨᠡᠷᠲᠡᠢ ᠬᠥᠭᠵᠢᠯᠲᠡ ᠶᠢ ᠬᠦᠴᠦᠲᠡᠢ ᠠᠬᠢᠭᠤᠯᠬᠤ ᠬᠡᠷᠡᠭᠲᠡᠢ᠃ | ᠳᠤᠮᠳᠠᠲᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠬᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ | ︽ᠰᠣᠶᠣᠯ +︾ ᠠᠷᠭ᠎ᠠ ᠭᠡᠮᠵᠢᠶ᠎ᠠ ᠪᠠᠷ ᠳᠠᠮᠵᠢᠭᠤᠯᠤᠨ ᠤᠯᠠᠮᠵᠢᠯᠡᠯᠲᠤ ᠰᠣᠶᠣᠯ ᠢ ᠵᠢᠭᠤᠯᠴᠢᠯᠡᠯ᠂ ᠣᠨᠴᠠᠯᠢᠭᠲᠤ | ᠠᠵᠤ ᠦᠢᠯᠡᠰ ᠵᠡᠷᠭᠡ ᠲᠠᠢ ᠬᠦᠨᠵᠡᠭᠡᠢ ᠠᠭᠤᠰᠤᠯᠴᠠᠭᠤᠯᠵᠤ᠂ ᠣᠷᠣᠨ ᠨᠤᠳᠤᠭ ᠤᠨ ᠣᠨᠴᠠᠯᠢᠭᠲᠤ ᠰᠣᠶᠣᠯ ᠤᠨ | ᠠᠵᠤ ᠣᠶᠢᠯᠡᠰ ᠤᠨ ᠠᠪᠴᠢᠷᠠᠭᠰᠠᠨ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠨᠡᠩ | ᠰᠠᠶᠢᠲᠤᠷ ᠠᠭᠤᠳᠠᠯᠬᠤ ᠬᠡᠷᠡᠭᠲᠡᠢ᠃ ᠤᠯᠠᠮᠵᠢᠯᠠᠨ ᠵᠠᠯᠭᠠᠮᠵᠢᠯᠠᠬᠤ ᠠᠴᠢᠶᠠᠯᠠᠪᠤᠷᠢ ᠶᠢᠨ ᠪᠠᠶᠢᠭᠤᠯᠤᠯᠲᠠ ᠶᠢ | ᠴᠢᠩᠭᠠᠣᠡᠬᠠᠵᠤ᠂ ᠳᠤᠮᠳᠠᠲᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠲᠤᠷ ᠬᠠᠮᠠᠭᠠᠯᠠᠬᠤ ᠪᠠ ᠤᠯᠠᠮᠵᠢᠯᠠᠨ | ᠵᠠᠯᠭᠠᠮᠵᠢᠯᠠᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠪᠡ᠃ ︵ᠴᠡᠯᠮᠡᠭ︶ | | |