9 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ︽ᠤᠮᠠᠷᠠᠲᠤ ᠬᠢᠯᠢ ᠶᠢᠨ ᠨᠣᠮ ᠤᠨ | ᠰᠤᠷᠪᠤᠯᠵᠢᠲᠤ ᠠᠷᠤ ᠬᠤᠷᠴᠢᠨ︾ ᠪᠥᠬᠦ ᠠᠷᠠᠳ ᠤᠨ ᠨᠣᠮ ᠤᠩᠰᠢᠯᠭ᠎ᠠ ᠶᠢᠨ ᠠᠵᠢᠯᠯᠠᠭᠠᠨ ᠢ ᠡᠬᠢᠯᠡᠭᠦᠯᠬᠦ ᠵᠢᠴᠢ | ᠨᠣᠮ ᠪᠡᠯᠡᠭᠯᠡᠬᠦ ᠶᠣᠰᠤᠯᠠᠯ ᠴᠢᠪᠠᠭ᠎ᠠ ᠳᠦᠷᠪᠡᠳᠦᠭᠡᠷ ᠪᠠᠭ᠎ᠠ ᠰᠤᠷᠭᠠᠭᠤᠯᠢ ᠳᠤ ᠥᠪᠡᠳᠡᠭᠰᠢ ᠶᠡᠬᠡᠪᠡᠷ ᠶᠠᠪᠤᠭᠳᠠᠪᠠ᠃ | ᠬᠤᠰᠢᠭᠤᠨ ᠨᠠᠮ ᠤᠨ ᠬᠤᠷᠢᠶᠠᠨ ᠤ ᠣᠬᠠᠭᠤᠯᠬᠤ ᠬᠡᠯᠳᠠᠰ᠂ ᠬᠤᠰᠢᠭᠤᠨ ᠰᠤᠷᠭᠠᠨ ᠬᠦᠮᠤᠵᠢᠯ ᠤᠨ ᠲᠣᠪᠴᠢᠶ᠎ᠠ᠂ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠴᠢᠪᠠᠭ᠎ᠠ ᠳᠦᠷᠪᠡᠲᠦᠭᠡᠷ ᠪᠠᠭ᠎ᠠ | ᠰᠤᠷᠭᠠᠭᠤᠯᠢ ᠶᠢᠨ ᠭᠤᠣᠯ ᠬᠠᠷᠢᠭᠤᠴᠠᠯᠭᠠᠳᠠᠨ᠂ ᠠᠷᠤ ᠬᠤᠷᠴᠢᠨ ᠬᠤᠰᠢᠭᠤᠨ ᠤ ᠰᠢᠤᠲᠠᠨ ᠤ ᠬᠤᠪᠢᠶᠠᠷᠢ ᠺᠣᠮᠫᠠᠨᠢ᠂ | ᠬᠤᠰᠢᠭᠤᠨ ᠰᠢᠭᠤᠳ ᠬᠠᠷᠢᠶ᠎ᠠ ᠪᠠᠭ᠎ᠠ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠣᠰᠤᠯᠠᠯ ᠳᠤ | ᠤᠷᠣᠯᠴᠠᠵᠠᠢ᠃ | | | | ᠬᠤᠰᠢᠭᠤᠨ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠶ᠎ᠠ ᠲᠠᠯᠪᠢᠵᠤ᠂ ᠮᠡᠳᠡᠯᠭᠡ | ᠶᠢᠨ ᠬᠦᠴᠦᠨ ᠪᠣᠯᠣᠨ ᠨᠣᠮ ᠤᠩᠰᠢᠯᠭ᠎ᠠ ᠶᠢᠨ ᠠᠴᠢ ᠬᠤᠯᠪᠣᠭᠳᠠᠯ ᠢ ᠬᠦᠨᠵᠡᠭᠡᠢ ᠲᠤᠳᠤᠷᠬᠠᠶᠢᠯᠠᠨ ᠥᠭᠦᠯᠡᠵᠤ᠂ | ᠤᠯᠠᠨ ᠤ ᠨᠣᠮ ᠤᠩᠰᠢᠯᠭ᠎ᠠ ᠶᠢᠨ ᠲᠠᠯ᠎ᠠ ᠶᠢᠨ ᠲᠠᠨᠢᠯᠲᠠ ᠶᠢ ᠬᠦᠨᠵᠡᠭᠡᠶᠢᠷᠡᠭᠦᠯᠪᠠ᠃ ᠰᠤᠷᠣᠭᠴᠢ ᠭᠡᠷ ᠤᠨ | ᠠᠬᠠᠮᠠᠳ ᠡᠴᠢᠭᠡ ᠡᠬᠡ ᠦᠷ᠎ᠡ ᠬᠡᠣᠬᠡᠣᠨ ᠬᠠᠮᠲᠤ ᠪᠠᠷ ᠨᠣᠮ ᠤᠩᠰᠢᠭᠰᠠᠨ ᠡᠷᠬᠢᠮ ᠨᠠᠨᠳᠢᠨ ᠲᠤᠷᠰᠢᠯᠭ᠎ᠠ ᠪᠠᠨ | ᠬᠤᠪᠢᠶᠠᠯᠴᠠᠵᠤ᠂ ᠭᠡᠷ ᠪᠦᠯᠢ ᠶᠢᠨ ᠤᠩᠰᠢᠯᠭ᠎ᠠ ᠳᠤ ᠠᠰᠢᠭᠲᠠᠢ ᠳᠤᠯᠢᠯᠠᠯ ᠬᠠᠩᠭᠠᠭᠰᠠᠨ ᠪᠠᠶᠢᠨ᠎ᠠ᠃ ᠰᠣᠷᠤᠭᠴᠢ ᠶᠢᠨ | ᠲᠦᠯᠥᠭᠡᠯᠡᠭᠴᠢ ᠠᠴᠠ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠳᠡᠯᠠᠵᠤ᠂ ᠰᠣᠷᠣᠭᠴᠢᠳ ᠤᠨ ᠨᠣᠮ ᠣᠩᠰᠢᠬᠤ | ᠬᠠᠯᠠᠭᠤᠨ ᠰᠡᠳᠭᠢᠯᠭᠡ ᠶᠢ ᠬᠥᠭᠵᠢᠭᠡᠪᠡ᠃ ᠬᠤᠰᠢᠭᠤᠨ ᠰᠤᠷᠭᠠᠨ ᠬᠦᠮᠤᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠶᠠᠷᠢᠶ᠎ᠠ ᠲᠠᠯᠪᠢᠵᠤ᠂ ᠰᠤᠷᠭᠠᠨ ᠬᠦᠮᠵᠢᠯ ᠤᠨ ᠣᠶᠢᠯᠠᠰ ᠢ ᠳᠡᠭᠡᠲᠤ ᠭᠡᠮᠵᠢᠶ᠎ᠠ ᠪᠠᠷ ᠴᠢᠬᠤᠯᠠᠴᠢᠯᠠᠵᠤ | ᠪᠠᠶᠢᠬᠤ ᠪᠠ ᠰᠣᠷᠤᠭᠴᠢᠳ ᠤᠨ ᠦᠰᠤᠨ ᠪᠣᠶᠢᠵᠢᠯᠳᠡ ᠶᠢ ᠬᠠᠯᠠᠮᠵᠢᠯᠠᠵᠤ ᠪᠠᠶᠢᠬᠤ ᠪᠠᠨ ᠢᠯᠡᠣᠡᠭᠡᠪᠡ᠃ | | | | ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠠᠶᠢᠷ᠎ᠠ ᠬᠠᠯᠠᠮᠵᠢᠲᠤ | ᠡᠷᠭᠦᠯ ᠬᠠᠨᠳᠢᠪ ᠢ ᠬᠦᠷᠳᠡᠪᠠ᠃ ᠤᠯᠠᠭᠠᠡᠬᠠᠳᠠ ᠬᠤᠲᠠ ᠶᠢᠨ ᠴᠢᠪᠠᠭ᠎ᠠ ᠠᠷᠢᠬᠢᠨ ᠤ ᠦᠢᠯᠡᠰ ᠤᠨ ᠬᠢᠵᠠᠭᠠᠷᠲᠤ | ᠺᠣᠮᠫᠠᠨᠢ ᠴᠢᠪᠠᠭ᠎ᠠ ᠲᠦᠷᠪᠡᠳᠦᠭᠡᠷ ᠪᠠᠭ᠎ᠠ ᠰᠤᠷᠭᠠᠭᠤᠯᠢ ᠳᠤ 3 ᠲᠦᠮᠡᠨ ᠲᠦᠭᠦᠷᠢᠭ ᠤᠨ ᠥᠷᠳᠡᠭ ᠪᠦᠬᠦᠢ ᠨᠣᠮ | ᠬᠠᠨᠲᠢᠪᠯᠡᠵᠤ᠂ ᠠᠷᠤ ᠬᠤᠷᠴᠢᠨ ᠬᠤᠰᠢᠭᠤᠨ ᠤ ᠪᠦᠸᠧ ᠢ ᠤᠷᠠᠯᠢᠭ ᠤᠨ ᠰᠤᠷᠭᠠᠭᠤᠯᠢ ᠴᠢᠪᠠᠭ᠎ᠠ ᠭᠤᠷᠪᠠᠳᠤᠭᠠᠷ | ᠪᠠᠭ᠎ᠠ ᠰᠤᠷᠭᠠᠭᠤᠯᠢ ᠳᠤ 1 ᠲᠦᠮᠡᠨ ᠲᠦᠭᠦᠷᠢᠭ ᠤᠨ ᠦᠷᠳᠡᠭ ᠪᠦᠬᠦᠢ ᠨᠣᠮ ᠬᠠᠨᠲᠢᠪᠯᠠᠵᠤ᠂ ᠰᠠᠶᠢᠰᠢᠶᠠᠯᠲᠤ | ᠪᠠᠶ᠋ᠬᠠᠦ᠋ᠡᠳᠣᠷ ᠪᠠᠭ᠎ᠠ ᠰᠤᠷᠭᠠᠭᠤᠯᠢ ᠳᠤ 1 ᠲᠦᠮᠡᠨ ᠲᠥᠭᠦᠷᠢᠭ ᠤᠨ ᠦᠷᠳᠡᠭ ᠪᠦᠬᠦᠢ ᠨᠣᠮ ᠬᠠᠨᠲᠢᠪᠯᠠᠵᠤ᠂ | ᠡᠷᠳᠡᠨᠢᠭᠦᠦ ᠵᠢᠭᠠᠰᠤᠲᠠᠢ ᠨᠢᠭᠡᠳᠦᠭᠡᠷ ᠪᠠᠭ᠎ᠠ ᠰᠤᠷᠭᠠᠭᠤᠯᠢ ᠳᠤ 2 ᠲᠦᠮᠡᠨ ᠲᠦᠭᠦᠷᠢᠭ ᠤᠨ ᠥᠷᠳᠡᠭ ᠪᠦᠬᠦᠢ ᠨᠣᠮ | ᠬᠠᠨᠲᠢᠪᠯᠠᠵᠠᠢ᠃ ᠬᠠᠨᠲᠢᠪ ᠬᠦᠷᠭᠡᠭᠰᠡᠨ ᠨᠢᠭᠡᠴᠡ ᠪᠣᠯᠣᠨ ᠬᠠᠯᠠᠭᠤᠨ ᠰᠠᠳᠭᠢᠯᠲᠠᠳ ᠤᠨ ᠰᠠᠶᠢᠨ ᠦᠢᠯᠡ ᠠᠵᠢᠯᠯᠠᠭ᠎ᠠ | ᠨᠢ ᠲᠤᠬᠠᠢ ᠶᠢᠨ ᠲᠠᠯᠠᠪᠠᠢ ᠶᠢᠨ ᠬᠠᠯᠠᠭᠤᠨ ᠠᠯᠠᠭ᠎ᠠ ᠲᠠᠰᠢᠯᠲᠠ ᠪᠣᠯᠣᠨ ᠤᠳᠬᠠᠶᠢᠯᠠᠯ ᠢ ᠣᠯᠵᠤ᠂ ᠬᠤᠰᠢᠭᠤᠨ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠬᠠᠳᠢᠪᠯᠬᠠᠴᠢᠤᠨ ᠲᠤ ᠢᠷᠠᠭᠤ ᠠᠯᠳᠠᠷ ᠤᠨ ᠦᠨᠡᠮᠯᠠᠯ ᠤᠯᠭᠤᠵᠤ᠂ | ᠲᠡᠳᠠᠨ ᠤ ᠬᠠᠷᠡᠮ ᠦᠭᠡᠢ ᠵᠣᠷᠢᠭᠤᠯᠬᠤ ᠰᠠᠳᠭᠢᠯ ᠪᠠ ᠦᠭᠬᠢᠶᠡᠮᠤᠷ ᠬᠠᠶᠢᠷ᠎ᠠ ᠶᠢ ᠰᠠᠶᠢᠰᠢᠶᠠᠨ ᠬᠥᠬᠢᠭᠦᠯᠵᠠᠢ᠃ | | | | ᠶᠣᠰᠤᠯᠠᠯ ᠳᠡᠭᠡᠷ᠎ᠡ ᠪᠠᠰᠠ ᠰᠢᠯᠢᠳᠡᠭ ᠰᠤᠷᠤᠭᠴᠢ ᠪᠣᠯᠣᠨ ᠪᠠᠭᠰᠢ ᠨᠠᠷ ᠢ ᠬᠥᠬᠢᠭᠦᠯᠦᠨ ᠰᠠᠶᠢᠰᠢᠶᠠᠵᠤ᠂ | ᠲᠡᠳᠠᠨ ᠤ ᠨᠣᠮ ᠤᠩᠰᠢᠬᠤ ᠳᠤᠷᠠᠲᠠᠢ᠂ ᠢᠳᠡᠪᠬᠢᠲᠠᠢ ᠪᠠᠷ ᠣᠷᠣᠭᠰᠢᠯᠠᠨ ᠲᠠᠪᠰᠢᠬᠤ ᠵᠣᠷᠢᠭ ᠰᠠᠨᠠᠭ᠎ᠠ ᠨᠢ ᠣᠯᠠᠨ ᠳᠤ | ᠦᠯᠢᠭᠡᠷ ᠳᠠᠭᠤᠷᠢᠶᠠᠯ ᠪᠣᠯᠣᠭᠰᠠᠨ ᠪᠢᠯᠡ᠃ ᠡᠭᠦᠨ ᠠᠴᠠ ᠭᠠᠳᠠᠨ᠎ᠠ᠂ ᠠᠷᠤ ᠬᠤᠷᠴᠢᠨ ᠬᠤᠰᠢᠭᠤᠨ ᠤ ᠰᠢᠣᠲᠠᠨ ᠤ | ᠬᠤᠪᠢᠶᠠᠷᠢ ᠺᠣᠮᠫᠠᠨᠢ ᠪᠠᠭᠰᠢ ᠰᠣᠷᠣᠭᠴᠢ ᠪᠣᠯᠭᠠᠨ ᠳᠤ ᠤᠩᠰᠢᠯᠭ᠎ᠠ ᠶᠢᠨ ᠲᠡᠮᠳᠡᠭ ᠬᠦᠷᠭᠡᠨ ᠦᠭᠴᠦ᠂ ᠡᠨᠡᠬᠦ | ᠣᠩᠰᠢᠯᠭ᠎ᠠ ᠶᠢᠨ ᠲᠡᠮᠳᠡᠭ ᠢᠶᠠᠷ 9 ᠰᠠᠷ᠎ᠠ ᠶᠢᠨ 20 ᠤ ᠡᠳᠤᠷ ᠠᠴᠠ 9 ᠰᠠᠷ᠎ᠠ ᠶᠢᠨ 29 ᠤ ᠡᠳᠤᠷ ᠪᠣᠯᠲᠠᠯᠠᠬᠢ | ᠬᠤᠭᠤᠴᠠᠭᠠᠨ ᠳᠤ ᠰᠢᠨ᠎ᠡ ᠬᠤᠲᠠ ᠲᠣᠭᠤᠷᠢᠭ ᠤᠨ ᠰᠣᠶᠣᠯ ᠤᠨ ᠠᠭᠤᠳᠠᠮ ᠲᠠᠯᠠᠪᠠᠢ ᠳᠤ ᠬᠦᠷᠴᠦ ᠨᠣᠮ | ᠤᠩᠰᠢᠯᠭ᠎ᠠ ᠶᠢᠨ ᠠᠵᠢᠯᠯᠠᠭ᠎ᠠ ᠳᠤ ᠣᠷᠣᠯᠴᠠᠵᠤ ᠪᠣᠯᠣᠨ᠎ᠠ᠃ ᠬᠡᠷᠪᠠ ᠨᠣᠮ ᠬᠤᠳᠠᠯᠳᠤᠨ ᠠᠪᠤᠪᠠᠯ 5 -10 | ᠲᠥᠭᠦᠷᠢᠭ ᠤᠨ ᠬᠢᠮᠲᠡᠷᠠᠯ ᠤᠨ ᠲᠡᠮᠳᠡᠭ ᠤᠯᠭᠤᠬᠤ ᠪᠥᠭᠡᠳ 2 ᠳᠡᠪᠲᠡᠷ ᠬᠤᠲᠠᠯᠳᠤᠨ ᠠᠪᠤᠪᠠᠯ 5 ᠳᠡᠪᠲᠡᠷ | ᠪᠡᠯᠡᠭᠯᠠᠵᠤ᠂ 3 ᠳᠡᠪᠳᠡᠷ ᠬᠤᠳᠠᠯᠳᠤᠨ ᠠᠪᠤᠪᠠᠯ 7 ᠳᠡᠪᠲᠡᠷ ᠪᠡᠯᠡᠭᠯᠡᠬᠦ ᠬᠠᠷᠠᠭᠠᠯᠵᠠᠯ ᠬᠦᠷᠳᠠᠵᠤ ᠪᠣᠯᠣᠨ᠎ᠠ᠃ | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠨᠣᠮ ᠤᠨ ᠦᠵᠡᠭᠦᠯᠭᠡ ᠶᠢᠨ ᠠᠵᠢᠯᠯᠠᠭ᠎ᠠ ᠨᠢ 10 ᠡᠳᠤᠷ ᠤᠨ | ᠬᠤᠭᠤᠴᠠᠭ᠎ᠠ ᠲᠠᠢ ᠶᠠᠪᠤᠭᠳᠠᠬᠤ ᠪᠥᠭᠡᠳ ᠦᠵᠡᠭᠦᠯᠭᠡ ᠳᠤ ᠬᠡᠣᠬᠡᠣᠨ ᠪᠠᠭᠠᠴᠤᠳ᠂ ᠰᠣᠶᠣᠯ ᠲᠡᠤᠬᠡ᠂ ᠡᠷᠲᠡᠨ ᠤ | ᠰᠤᠩᠭᠤᠳᠠᠭ ᠪᠦᠲᠦᠭᠡᠯ᠂ ᠪᠦᠷᠢᠨ ᠰᠢᠨᠵᠢᠯᠡᠭᠡᠨ᠂ ᠬᠠᠤᠯᠢ ᠲᠥᠭᠡᠮᠡᠯᠵᠢᠭᠦᠯᠬᠦ᠂ ᠰᠤᠷᠭᠠᠨ ᠬᠦᠮᠥᠵᠢᠯ ᠵᠡᠷᠭᠡ ᠨᠠᠶᠢᠳᠡ | ᠲᠠᠪᠤᠨ ᠮᠢᠩᠭ᠎ᠠ ᠭᠠᠷᠤᠢ ᠵᠦᠢᠯ ᠤᠨ ᠵᠢᠩᠭᠢᠨᠢ ᠬᠡᠪᠯᠡᠯ ᠤᠨ ᠡᠷᠭᠡ ᠲᠠᠢ ᠨᠣᠮ ᠲᠡᠪᠳᠡᠷ ᠪᠣᠢ᠃ ᠨᠣᠮ ᠤᠨ ᠪᠠᠭ᠋ᠠᠳᠠᠣᠨ | ᠲᠤᠬᠠᠢ ᠶᠢᠨ ᠲᠠᠯᠠᠪᠤᠷ ᠲᠤ ᠦᠨ᠎ᠡ ᠲᠦᠯᠥᠪᠦᠷᠢ ᠦᠭᠡᠢ ᠪᠠᠷ ᠨᠣᠮ ᠤᠩᠰᠢᠵᠤ ᠪᠣᠯᠬᠤ ᠠᠴᠠ ᠭᠠᠳᠠᠨ᠎ᠠ | ᠰᠣᠷᠤᠯᠴᠠᠯᠭ᠎ᠠ ᠶᠢᠨ ᠬᠦᠴᠦᠷᠬᠡᠭ ᠤᠯᠤᠰ ᠤᠨ ᠬᠤᠷᠠᠮᠳᠤᠭᠤᠯᠭ᠎ᠠ ᠶᠢᠨ ᠬᠤᠪᠢ ᠪᠠᠷ ᠰᠣᠯᠢᠨ ᠠᠪᠬᠤ᠂ ᠬᠠᠷᠠᠭᠠᠯᠵᠠᠯ | ᠲᠠᠢ ᠪᠠᠷ ᠨᠣᠮ ᠬᠤᠳᠠᠯᠳᠤᠨ ᠠᠪᠬᠤ ᠵᠡᠷᠭᠡ ᠡᠷᠭᠡ ᠶᠢ ᠡᠳ᠋ᠯᠠᠵᠤ ᠪᠣᠯᠣᠨ᠎ᠠ᠃ ︵ᠰᠠᠶᠢᠬᠠᠡᠬᠤᠸᠠᠷ︶ | | |