9 ᠰᠠᠷ᠎ᠠ ᠶᠢᠨ 23 ᠤ ᠡᠳᠤᠷ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠣᠬᠠᠭᠤᠯᠬᠤ | ᠬᠡᠯᠳᠠᠰ ︽ᠠᠷᠤ ᠬᠤᠷᠴᠢᠨ ᠳᠠᠬᠢ ᠪᠣᠯᠵᠤᠭ᠎ᠠ ᠰᠦᠯᠵᠢᠶᠠᠨ ᠤᠳᠤᠳ ᠤᠨ ᠠᠶᠠᠯᠠᠯ ᠰᠢᠨ᠎ᠡ ᠠᠶᠠᠨ ᠤ ᠡᠬᠢᠯᠡᠯ︾ | ᠰᠦᠯᠵᠢᠶᠠᠨ ᠤᠳᠤᠳ ᠤᠨ ᠠᠶᠠᠯᠡᠯ ᠤᠨ ᠭᠤᠣᠯ ᠰᠡᠳᠤᠪᠲᠤ ᠣᠬᠠᠭᠤᠯᠭ᠎ᠠ ᠶᠢᠨ ᠠᠵᠢᠯᠯᠠᠭ᠎ᠠ ᠵᠣᠬᠢᠶᠠᠨ ᠪᠠᠶᠢᠭᠤᠯᠵᠤ | ᠦᠷᠨᠢᠭᠦᠯᠪᠠ᠃ | | | | ᠶᠠᠷᠢᠯᠴᠠᠬᠤ ᠬᠤᠷᠠᠯ ᠲᠡᠭᠡᠷ᠎ᠡ᠂ ᠰᠦᠯᠵᠢᠶᠠᠨ ᠤᠳᠤᠳ ᠤᠨ ᠲᠦᠯᠥᠭᠡᠯᠡᠭᠴᠢ ᠠᠴᠠ ︽ᠬᠡᠷᠬᠢᠨ ᠬᠤᠪᠢ ᠶᠢᠨ | ᠵᠠᠭᠤᠴᠢᠯᠠᠭᠤᠷ ᠤᠨ ᠳᠠᠪᠠᠭᠤᠯᠢᠭ ᠦᠢᠯᠡᠳᠣᠯ ᠢ ᠰᠠᠶᠢᠲᠤᠷ ᠪᠠᠲᠠᠷᠠᠭᠤᠯᠵᠤ᠂ ᠲᠣᠣᠷ ᠰᠦᠯᠵᠢᠶᠡᠨ ᠤ ᠢᠳᠡᠪᠬᠢ | ᠬᠦᠴᠦᠨ ᠢ ᠢᠳᠡᠪᠬᠢᠲᠡᠢ ᠪᠠᠷ ᠤᠬᠠᠭᠤᠯᠤᠨ᠂ ᠦᠨᠡᠨᠴᠢ ᠢᠳᠡᠭᠡᠮᠵᠢ ᠶᠢᠨ ᠰᠣᠶᠣᠯ ᠢ ᠶᠡᠭᠡ ᠪᠠᠷ ᠤᠯᠠᠮᠵᠢᠯᠠᠨ | ᠳᠡᠯᠭᠡᠷᠡᠭᠦᠯᠵᠤ᠂ ᠣᠷᠣᠨ ᠨᠤᠳᠤᠭ ᠤᠨ ᠢᠶᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ | ᠶᠡᠭᠡ ᠬᠦᠴᠦᠨ ᠨᠡᠮᠡᠷᠢᠯᠡᠬᠦ︾ ᠵᠡᠷᠭᠡ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠪᠠ᠃ | ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠠᠴᠠ ᠡᠭᠦᠷᠭᠡ ᠴᠢᠳᠡᠪᠤᠷᠢ ᠲᠣᠰᠢᠶᠠᠯ ᠬᠠᠷᠢᠭᠤᠴᠠᠯᠭ᠎ᠠ ᠶᠢᠨ ᠢᠶᠠᠨ | ᠬᠡᠪᠴᠢᠶᠠᠨ ᠲᠣᠳᠣᠷ᠎ᠠ ᠰᠦᠯᠵᠢᠶᠠᠨ ᠤ ᠲᠦᠯᠥᠭᠡᠯᠡᠭᠴᠢ ᠬᠦᠮᠤᠰ ᠲᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠰᠦᠯᠵᠢᠶᠠᠨ ᠤ ᠦᠢᠯᠡ ᠠᠵᠢᠯᠯᠠᠭ᠎ᠠ ᠶᠢᠨ ᠵᠢᠷᠤᠮᠵᠢᠯ ᠤᠨ ᠲᠠᠯ᠎ᠠ ᠶᠢᠨ ᠪᠤᠳᠠᠲᠠᠢ ᠱᠠᠭᠠᠷᠳᠠᠯᠭ᠎ᠠ ᠲᠤᠷᠠᠳᠴᠤ᠂ | ᠰᠦᠯᠵᠢᠶᠠᠨ ᠤ ᠪᠣᠯᠪᠡᠰᠤᠨ ᠤ ᠪᠠᠶᠢᠭᠤᠯᠤᠯᠲᠠ ᠳᠤ ᠢᠳᠡᠪᠬᠢᠲᠠᠢ ᠣᠷᠣᠯᠴᠠᠬᠤ ᠶᠢ ᠰᠠᠨᠠᠭᠠᠴᠢᠯᠠᠭᠰᠠᠨ ᠪᠠᠶᠢᠨ᠎ᠠ᠃ | | | | ᠬᠤᠷᠠᠯ ᠤᠨ ᠲᠠᠷᠠᠭ᠎ᠠ ᠰᠦᠯᠵᠢᠶᠠᠨ ᠤ ᠲᠦᠯᠥᠭᠡᠯᠡᠭᠴᠢ ᠬᠥᠮᠤᠰ ᠴᠢᠪᠠᠭ᠎ᠠ ᠠᠷᠢᠬᠢᠨ ᠤ ᠦᠢᠯᠡᠰ᠂ ᠠᠷᠤ | ᠬᠤᠷᠴᠢᠨ ᠬᠤᠰᠢᠭᠤᠨ ᠤ ᠲᠤᠮᠳᠠᠲᠤ ᠶᠢᠨ ᠦᠨᠳᠣᠰᠣᠳᠠᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠪᠣᠯᠪᠠᠰᠤᠷᠠᠯ ᠤᠨ ᠲᠥᠪ᠂ ᠬᠠᠤᠯᠢᠵᠢᠯ ᠤᠨ ᠬᠦᠮᠤᠵᠢᠯ ᠤᠨ ᠰᠠᠭᠤᠷᠢᠨ ᠳᠤ ᠬᠦᠷᠴᠤ ᠲᠤᠬᠠᠢ ᠶᠢᠨ | ᠲᠠᠯᠠᠪᠠᠢ ᠳᠤ ᠲᠣᠭᠤᠷᠢᠨ ᠦᠵᠡᠬᠦ ᠶᠢᠨ ᠬᠠᠮᠲᠤ᠂ ᠲᠣᠰ ᠤᠳᠠᠭᠠᠨ ᠤ ᠠᠵᠢᠯᠯᠠᠭ᠎ᠠ ᠪᠠᠷ ᠲᠠᠮᠵᠢᠨ ᠠᠷᠤ ᠬᠤᠷᠴᠢᠨ | ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠦᠳᠡᠯᠭᠡᠬᠦ ᠡᠨᠧᠷᠬᠢ ᠶᠢ | ᠰᠢᠭᠤᠳ ᠮᠡᠳᠡᠷᠡᠵᠤ᠂ ᠲᠣᠮᠳᠠᠲᠤ ᠶᠢᠨ ᠦᠨᠳᠣᠰᠣᠳᠠᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠵᠢᠴᠢ ᠦᠨᠳᠣᠰᠣᠲᠠᠨ ᠤ ᠪᠦᠯᠭᠦᠮᠳᠡᠯ ᠤᠨ ᠰᠠᠶᠢᠨ ᠰᠠᠶᠢᠬᠠᠨ ᠦᠯᠢᠭᠡᠷ ᠢ ᠤᠯᠠᠮ ᠨᠢᠭᠡ ᠠᠯᠬᠤᠮ | ᠣᠶᠢᠯᠠᠭᠠᠪᠠ᠃ ᠲᠡᠳᠡ ᠬᠤᠶᠢᠰᠢᠳᠡ ᠨᠡᠶᠢᠭᠡᠮ ᠤᠨ ᠬᠠᠷᠢᠭᠤᠴᠠᠯᠭ᠎ᠠ ᠪᠠᠨ ᠴᠢᠩᠭᠠᠳᠬᠠᠨ᠂ ᠰᠦᠯᠵᠢᠶᠠᠨ ᠤ ᠦᠭᠡ | ᠶᠠᠷᠢᠶ᠎ᠠ ᠣᠶᠢᠢᠯᠠ ᠠᠵᠢᠯᠯᠠᠭ᠎ᠠ ᠪᠠᠨ ᠴᠢᠬᠤᠯᠠᠴᠢᠯᠠᠨ ᠠᠩᠬᠠᠷᠴᠤ᠂ ᠪᠣᠯᠪᠠᠰᠤᠨ ᠰᠠᠶᠢᠬᠠᠨ ᠰᠦᠯᠵᠢᠶᠡᠨ ᠤ ᠣᠷᠣᠨ | ᠵᠠᠢ ᠶᠢᠨ ︽ᠬᠠᠮᠠᠭᠠᠯᠠᠭᠴᠢ︾ ᠪᠠ ᠨᠡᠶᠢᠭᠡᠮ ᠤᠨ ᠦᠨᠡᠨᠴᠢ ᠢᠳᠡᠭᠡᠮᠵᠢ ᠶᠢᠨ ᠪᠦᠲᠦᠭᠡᠨ ᠪᠠᠶᠢᠭᠤᠯᠤᠭᠴᠢ ᠪᠣᠯᠬᠤ ᠪᠠᠷ | ᠴᠢᠷᠮᠠᠶᠢᠨ᠂ ᠳᠣᠮᠳᠠᠲᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠬᠠᠮᠰᠠᠷ ᠠᠴᠠ ᠪᠠᠨ ᠤᠯᠠᠮᠵᠢᠯᠠᠨ ᠪᠠᠳᠠᠷᠠᠭᠤᠯᠵᠤ᠂ | ᠲᠤᠮᠳᠠᠲᠤ ᠶᠢᠨ ᠦᠨᠳᠣᠰᠣᠲᠠᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠪᠠᠬᠢ ᠴᠤᠭᠴᠠᠯᠠᠨ᠎ᠠ ᠭᠡᠵᠦ | ᠢᠯᠡᠷᠭᠡᠶᠢᠯᠡᠵᠡᠭᠡᠪᠡ᠃ ︵ᠤᠷᠭᠤᠮᠠᠯ︶ |