︽ᠠᠷᠢᠭᠤᠨ ᠲᠠᠭᠰᠢᠨ ᠠᠷᠤ ᠬᠤᠷᠴᠢᠨ᠂ ᠪᠣᠬᠢᠷᠳᠤᠯ ᠦᠭᠡᠢ ᠲᠠᠷᠢᠶᠠᠯᠠᠩ ᠤᠨ ᠣᠨᠴᠠ ᠭᠠᠷᠤᠯᠲᠠ ᠶᠢᠨ ᠲᠠᠨᠢᠯᠴᠠᠭᠤᠯᠭ᠎ᠠ ᠶᠢᠨ ᠬᠤᠷᠡᠯ︾ ᠠᠷᠪᠠᠲᠤᠭᠠᠷ ᠬᠤᠭᠤᠴᠠᠭᠠᠨ ᠤ ᠪᠡᠭᠡᠵᠢᠩ ᠤᠨ ᠲᠠᠷᠢᠶᠠᠯᠠᠩ ᠤᠨ ᠦᠵᠡᠭᠦᠯᠭᠡ ᠶᠢᠨ ᠨᠠᠶᠢᠷ ᠪᠣᠯᠣᠯ᠎ᠠ
ᠨᠡᠶᠢᠲᠡᠯᠡᠭᠰᠡᠨ ᠴᠠᠭ᠄
2024/9/24
               9 ᠰᠠᠷ᠎ᠠ ᠶᠢᠨ 22 ᠤᠨ ᠡᠳᠤᠷ ᠤᠨ ᠦᠳᠡ ᠶᠢᠨ ᠬᠤᠶᠢᠨ᠎ᠠ᠂ ︽ᠠᠷᠢᠭᠤᠨ ᠳᠠᠭᠰᠢᠨ ᠠᠷᠤ ᠬᠤᠷᠴᠢᠨ᠂ ᠪᠣᠬᠢᠷᠳᠤᠯ ᠦᠭᠡᠢ ᠲᠠᠷᠢᠶᠠᠯᠠᠩ ᠤᠨ ᠣᠨᠴᠠ ᠭᠠᠷᠤᠯᠲᠠ ᠶᠢᠨ ᠲᠠᠨᠢᠯᠴᠠᠭᠤᠯᠭ᠎ᠠ ᠶᠢᠨ ᠬᠤᠷᠠᠯ︾ ᠪᠡᠭᠡᠵᠢᠩ ᠬᠤᠳᠡ ᠶᠢᠨ ᠴᠠᠩᠫᠢᠩ ᠲᠣᠭᠤᠷᠢᠭ ᠲᠤ ᠨᠢᠵᠢᠭᠡᠷ ᠰᠠᠶᠢᠬᠠᠨ ᠶᠠᠪᠤᠭᠲᠠᠪᠠ᠃ ᠴᠠᠩᠫᠢᠩ ᠲᠣᠭᠤᠷᠢᠭ ᠤᠨ ᠤᠯᠤᠰ ᠲᠦᠷᠣ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠨᠢᠩ ᠴᠧ᠂ ᠴᠠᠩᠫᠢᠩ ᠲᠣᠭᠤᠷᠢᠭ ᠤᠨ ᠤᠯᠤᠰ ᠲᠦᠷᠤ ᠶᠢᠨ ᠵᠦᠪᠯᠡᠯᠭᠡᠨ ᠤ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠤᠨ ᠡᠷᠬᠢᠯᠡᠭᠴᠢ ᠵᠦ ᠸᠧᠨ ᠵᠢᠶᠧ᠂ ᠠᠷᠤ ᠬᠤᠷᠴᠢᠨ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ ᠨᠠᠮ ᠤᠨ ᠣᠳᠣᠷᠢᠣᠡᠬᠤ ᠲᠣᠭᠤᠶᠢᠯᠠᠩ ᠤᠨ ᠱᠦᠵᠢ᠂ ᠲᠡᠷᠢᠭᠦᠯᠡᠭᠴᠢ ᠰᠡᠷᠭᠦᠯᠡᠩ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠳᠡᠳ᠋ ᠳᠠᠷᠤᠭ᠎ᠠ ᠶᠠᠩ ᠵᠢᠶᠧ᠂ ᠠᠷᠤ ᠬᠤᠷᠴᠢᠨ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠴᠧᠨ ᠢᠣᠢ ᠮᠢᠩ ᠠᠵᠢᠯᠯᠠᠭ᠎ᠠ ᠳᠤ ᠣᠷᠤᠯᠴᠠᠵᠤ᠂ ᠴᠠᠩᠫᠢᠩ ᠲᠤᠭᠤᠷᠢᠭ ᠤᠨ ᠤᠯᠤᠰ ᠲᠦᠷᠤ ᠶᠢᠨ ᠵᠥᠪᠯᠡᠯᠭᠡᠨ ᠤ ᠭᠡᠰᠢᠭᠦᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠴᠠᠩᠫᠢᠩ ᠲᠤᠭᠤᠷᠢᠭ ᠤᠨ ᠬᠤᠳᠠᠯᠳᠤᠭᠠᠨ ᠤ ᠠᠵᠤ ᠠᠬᠤᠶᠢᠯᠠᠯ ᠤᠨ ᠬᠤᠯᠪᠣᠭᠠᠲᠤ ᠬᠤᠷᠠᠯ ᠤᠨ ᠭᠡᠰᠢᠭᠦᠨ ᠠᠵᠤ ᠠᠬᠤᠶᠢᠯᠠᠯ ᠤᠨ ᠬᠠᠷᠢᠭᠤᠴᠠᠯᠭᠠᠳᠠᠨ᠂ ᠣᠶᠢᠷ᠎ᠠ ᠶᠢᠨ ᠵᠢᠯ ᠤᠳ ᠲᠤ ᠠᠷᠤ ᠬᠤᠷᠴᠢᠨ ᠬᠤᠰᠢᠭᠤ ᠶᠢ ᠲᠣᠰᠠᠯᠬᠠᠰᠡᠨ ᠠᠵᠤ ᠠᠬᠤᠶᠢᠯᠠᠯ ᠪᠠ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷ᠂ ᠲᠤᠰᠬᠠᠢ ᠮᠡᠷᠭᠡᠵᠢᠯᠳᠠᠨ ᠴᠢᠳᠠᠪᠤᠷᠢᠳᠠᠨ ᠵᠠᠷᠭᠡ ᠬᠤᠶᠠᠷ ᠵᠠᠭᠤ ᠭᠠᠷᠤᠢ ᠬᠦᠮᠤᠨ ᠣᠷᠢᠯᠭ᠎ᠠ ᠪᠠᠷ ᠠᠵᠢᠯᠯᠠᠭ᠎ᠠ ᠳᠤ ᠣᠷᠣᠯᠴᠠᠵᠠᠢ᠃
       ᠲᠠᠨᠢᠯᠴᠠᠭᠤᠯᠭ᠎ᠠ ᠶᠢᠨ ᠬᠤᠷᠠᠯ ᠨᠢ ᠠᠷᠤ ᠬᠤᠷᠴᠢᠨ ᠬᠤᠰᠢᠭᠤᠨ ᠤ ᠤᠯᠠᠭᠠᠡᠮᠦ᠋ᠴᠢᠷ ᠤᠨ ᠲᠣᠭᠯᠠᠭᠴᠢᠳ ᠤᠨ ᠭᠤᠶᠢᠲᠠ ᠰᠠᠶᠢᠬᠠᠨ ᠲᠣᠭᠯᠠᠯᠲᠠ ᠪᠠᠷ ᠬᠦᠰᠢᠭᠡ ᠪᠠᠨ ᠰᠡᠭᠦᠵᠦ᠂ ︽ᠪᠢ ᠲᠠᠯ᠎ᠠ ᠨᠤᠳᠤᠭ  ᠲᠠᠢ ᠪᠠᠨ ᠪᠣᠯᠵᠤᠭ᠎ᠠ ᠲᠠᠢ︾ ︽ᠠᠯᠲᠠᠨ ᠪᠣᠭᠲᠠ ᠶᠢᠨ ᠰᠢᠯᠢ︾  ︽ ᠰᠠᠬᠢᠨ  ᠪᠠᠷᠠᠯᠠᠵᠤ  ᠬᠠᠷᠢᠯᠴᠠᠨ  ᠬᠠᠪᠰᠤᠷᠤᠯᠴᠠᠶ᠎ᠠ︾ ᠵᠡᠷᠭᠡ ᠳᠠᠭᠤᠤ ᠨᠢ ᠠᠬᠤᠢ ᠲᠠᠯᠠᠪᠠᠢ ᠶᠢᠨ ᠠᠭᠤᠷ ᠠᠮᠢᠰᠬᠤᠯ ᠢ ᠣᠷᠬᠢᠯ ᠳᠤᠨᠢ ᠬᠦᠷᠭᠡᠵᠦ᠂ ᠰᠡᠷᠭᠦᠯᠡᠩ᠂ ᠶᠠᠩ ᠵᠢᠶᠧ ᠬᠠᠮᠳᠤᠪᠠᠷ ︽ᠠᠷᠢᠭᠤᠨ ᠲᠠᠭᠰᠢᠨ ᠠᠷᠤ ᠬᠤᠷᠴᠢᠨ︾ ᠣᠷᠣᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠥᠷᠣᠯ ᠲᠡᠮᠳᠡᠭ ᠤᠨ ᠢᠯᠡᠷᠭᠡᠶᠢᠯᠡᠯ ᠢ ᠰᠡᠭᠦᠪᠡ᠃
       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠵᠢᠯᠲᠠᠳ ᠲᠤᠬᠠᠢ ᠶᠢᠨ ᠳᠠᠯᠠᠪᠠᠢ ᠳᠤ ᠪᠣᠷᠣᠯᠠᠭᠤᠯᠭ᠎ᠠ ᠬᠢᠵᠠᠢ᠃ ᠠᠷᠤ ᠬᠤᠷᠴᠢᠨ ᠬᠤᠰᠢᠭᠤᠨ ᠤ ᠨᠠᠷᠢᠨ ᠰᠤᠩᠭᠤᠵᠤ ᠬᠠᠳᠠᠭᠠᠡᠡᠰᠡᠨ ᠪᠤᠷᠴᠠ᠂ ᠡᠭᠡᠳᠡᠭᠰᠡᠨ ᠰᠦ᠂ ᠬᠤᠷᠤᠳ᠂ ᠪᠣᠷᠣ ᠴᠠᠷᠭᠠᠰᠤ ᠶᠢᠨ ᠦᠭᠡᠷ ᠤᠨ ᠮᠢᠬᠠᠨ ᠤ ᠵᠢᠶᠠᠩ᠂ ᠣᠡᠴᠠᠯᠢᠡᠡᠳᠤ ᠭᠡᠳᠡᠰᠤ᠂ ᠨᠠᠷᠢᠮᠤ ᠪᠦᠳᠦᠭᠦᠯᠢᠭ ᠠᠮᠤ᠂ ᠣᠨᠴᠠᠯᠢᠭᠲᠤ ᠠᠷᠢᠬᠢᠨ ᠤ ᠦᠢᠯᠡᠰ ᠵᠡᠷᠭᠡ ᠴᠢᠨᠠᠷ ᠰᠠᠶᠢᠲᠠᠢ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠪᠦᠬᠦ ᠲᠠᠯ᠎ᠠ ᠪᠠᠷ ᠲᠡᠯᠭᠡᠨ ᠦᠵᠡᠭᠦᠯᠵᠤ᠂ ᠲᠤᠬᠠᠢ ᠶᠢᠨ ᠲᠡᠯᠡᠪᠤᠷ ᠲᠤ ᠢᠷᠡᠭᠰᠡᠨ ᠴᠠᠩᠫᠢᠩ ᠲᠣᠭᠤᠷᠢᠭ ᠤᠨ ᠰᠠᠭᠤᠭᠠᠯᠢ ᠠᠷᠠᠳ ᠲᠤ ᠥᠪᠣᠷ  ᠮᠣᠩᠭᠤᠯ ᠤᠨ ᠠᠮᠳᠠᠲᠤ ᠢᠳᠡᠭᠡᠨ ᠢ ᠠᠮᠲᠠᠯᠠᠭᠤᠯᠪᠠ᠃
       ᠰᠤᠷᠪᠤᠯᠵᠢᠯᠬᠠᠭᠴᠢ ᠨᠠᠮᠤᠷ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠢᠶᠠᠷ ᠲᠣᠰ ᠤᠳᠠᠭᠠᠨ ᠤ ᠲᠠᠨᠢᠯᠴᠠᠭᠤᠯᠬᠤ ᠬᠤᠷᠠᠯ ᠳᠤ ᠣᠷᠤᠯᠴᠠᠭᠰᠠᠨ ᠣᠶᠢᠯᠠᠭᠠᠯᠲᠠ ᠲᠦᠷᠦᠭᠳᠡᠯ ᠢ ᠨᠢ ᠶᠠᠷᠢᠭᠤᠯᠬᠤ ᠳᠤ ᠲᠡᠷᠡᠪᠡᠷ ᠡᠨᠡ ᠤᠳᠠᠭᠠᠨ ᠤ ᠲᠠᠨᠢᠯᠴᠠᠭᠤᠯᠭ᠎ᠠ ᠨᠢ ᠮᠠᠨ ᠤ ᠨᠡᠷᠡᠲᠤ ᠲᠠᠮᠳᠡᠭ ᠢ ᠳᠡᠯᠭᠡᠷᠡᠭᠦᠯᠬᠦ᠂ ᠪᠦᠲᠦᠭᠡᠭᠳᠡᠭᠦᠨ ᠢ ᠪᠣᠷᠣᠯᠠᠭᠤᠯᠬᠤ᠂ ᠪᠦᠬᠦᠶᠢᠯᠡ ᠠᠵᠤ ᠠᠬᠤᠶᠢᠯᠡᠯ ᠤᠨ ᠲᠠᠨᠢᠨ ᠮᠡᠳᠡᠷᠡᠭᠦᠢ ᠶᠢ ᠪᠠᠭᠲᠠᠭᠠᠭᠰᠠᠨ ᠮᠠᠨ ᠤ ᠤᠯᠤᠰ ᠤᠨ ᠨᠡᠷᠡᠲᠤ ᠲᠡᠮᠳᠡᠭ ᠢ ᠳᠡᠯᠭᠡᠷᠡᠭᠦᠯᠬᠦ᠂ ᠪᠦᠲᠦᠭᠡᠭᠳᠡᠭᠦᠨ ᠢ ᠪᠣᠷᠣᠯᠠᠭᠤᠯᠬᠤ ᠳᠤ ᠪᠦᠷ ᠮᠠᠰᠢ ᠶᠡᠭᠡ ᠲᠣᠰᠡᠯᠠᠬᠤ ᠦᠢᠯᠡᠳᠤᠯ ᠦᠵᠡᠭᠦᠯᠦᠭᠰᠡᠨ ᠪᠠᠶᠢᠨ᠎ᠠ᠃ ᠡᠶᠢᠮᠦᠷᠬᠦ ᠲᠠᠨᠢᠯᠴᠠᠭᠤᠯᠬᠤ ᠬᠤᠷᠠᠯ ᠢ ᠢᠯᠡᠭᠦᠭᠡᠨ ᠬᠢᠵᠤ᠂ ᠮᠠᠨ ᠤ ᠠᠷᠤ ᠬᠤᠷᠴᠢᠨ ᠤ ᠦᠢᠯᠡᠳᠭᠦᠨ ᠢᠶᠠᠨ ᠪᠦᠬᠦ ᠲᠤᠮᠳᠠᠲᠤ ᠤᠯᠤᠰ᠂ ᠴᠢᠨᠠᠭᠰᠢᠯᠠᠨ ᠳᠠᠯᠡᠭᠡᠢ ᠳ᠋ᠠᠬᠢᠨ ᠳᠤ ᠬᠠᠨᠲᠤᠭᠤᠯᠬᠤ ᠶᠢ ᠬᠦᠰᠡᠵᠦ ᠪᠠᠶᠢᠨ᠎ᠠ ᠭᠡᠵᠡᠢ᠃
       ᠶᠠᠩ ᠵᠢᠶᠧ ᠲᠡᠨᠢᠯᠴᠠᠭᠤᠯᠭ᠎ᠠ ᠶᠢᠨ ᠬᠤᠷᠠᠯ ᠳᠤ ᠢᠯᠡᠷᠭᠡᠶᠢᠯᠡᠬᠦ ᠳᠤ ᠪᠠᠨ᠂ ᠠᠷᠤ ᠬᠤᠷᠴᠢᠨ ᠬᠤᠰᠢᠭᠤ ᠨᠢ ᠡᠬᠢ ᠪᠠᠶᠠᠯᠢᠭ ᠡᠯᠪᠡᠭ ᠲᠠᠯᠪᠡᠭ᠂ ᠪᠦᠬᠦ ᠤᠯᠤᠰ ᠤᠨ ᠠᠮᠤ ᠪᠣᠳᠠᠭᠠᠨ ᠤ ᠭᠠᠷᠤᠯᠲᠠ ᠶᠢᠨ ᠲᠣᠮᠣ ᠬᠤᠰᠢᠭᠤ ᠰᠢᠶᠠᠨ᠂ ᠪᠦᠬᠦ ᠤᠯᠤᠰ ᠤᠨ ᠴᠢᠨᠠᠷ ᠰᠠᠶᠢᠲᠠᠢ ᠨᠤᠭᠤᠭᠠᠨ ᠪᠣᠷᠴᠠᠭ ᠤᠨ ᠭᠤᠷᠪᠠᠨ ᠲᠣᠮᠣ ᠭᠤᠣᠯ ᠭᠠᠷᠤᠯᠲᠠ ᠶᠢᠨ ᠣᠷᠣᠨ ᠤ ᠨᠢᠭᠡ ᠶᠤᠮ᠂ ᠠᠷᠤ ᠬᠤᠷᠴᠢᠨ ᠬᠤᠰᠢᠭᠤ ᠥᠪᠡᠷᠮᠢᠴᠠ ᠳᠡᠪᠠᠭᠤᠯᠢᠭ ᠲᠠᠭᠠᠨ ᠰᠠᠭᠤᠷᠢᠯᠠᠨ᠂ ᠪᠡᠭᠡᠵᠢᠩ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠪᠠ ᠠᠷᠤ ᠬᠤᠷᠴᠢᠨ ᠬᠤᠰᠢᠭᠤᠨ ᠤ ᠠᠷᠢᠭᠤᠨ ᠲᠠᠭᠰᠢᠨ ᠴᠢᠨᠠᠷ ᠰᠠᠶᠢᠲᠠᠢ ᠡᠬᠢ ᠪᠠᠶᠠᠯᠢᠭ ᠲᠠᠢ ᠤᠷᠭᠠᠨᠢᠭ ᠢᠶᠠᠷ ᠤᠶᠠᠯᠳᠤᠭᠤᠯᠵᠤ᠂ ᠴᠠᠩᠫᠢᠩ ᠲᠣᠭᠤᠷᠢᠭ ᠤᠨ ᠥᠷᠭᠡᠨ ᠤᠯᠠᠨ ᠬᠤᠲᠠ ᠶᠢᠨ ᠠᠷᠠᠳ ᠲᠤ ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠤᠯᠠᠮ ᠨᠢᠭᠡ ᠠᠯᠬᠤᠮ ᠣᠶᠢᠯᠠᠭᠠᠭᠤᠯᠬᠤ ᠨᠢ ᠦᠢᠯᠡᠳᠪᠤᠷᠢᠯᠡᠯ ᠬᠡᠷᠡᠭᠯᠡᠭᠡ ᠶᠢᠨ ᠬᠠᠮᠲᠤ ᠪᠠᠷ ᠬᠥᠭᠵᠢᠬᠦ ᠶᠢ ᠠᠬᠢᠭᠤᠯᠵᠤ᠂ ᠬᠤᠶᠠᠷ ᠲᠠᠯ᠎ᠠ ᠶᠢᠨ ᠬᠠᠮᠲᠤ ᠪᠠᠷ ᠠᠰᠢᠭ ᠬᠦᠷᠳᠡᠬᠦ ᠶᠢ ᠠᠬᠢᠭᠤᠯᠬᠤ ᠳᠤ ᠠᠰᠢᠭᠲᠠᠢ ᠶᠤᠮ ᠭᠡᠵᠡᠢ᠃ ︵ᠯᠢ ᠬᠤᠸᠠᠨ ᠢᠦᠢ᠂ ᠵᠣᠣ ᠶᠠ ᠨᠠᠨ᠂ ᠸᠠᠩ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号