ᠠᠷᠤ ᠬᠤᠷᠴᠢᠨ ᠬᠤᠰᠢᠭᠤᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠦᠢᠯᠡᠣᠡᠪᠣᠷᠢᠯᠡᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠦᠷᠢᠮ︾ ᠢ ᠲᠣᠭᠤᠰᠢᠯᠠᠭᠤᠯᠤᠨ ᠬᠡᠷᠡᠭᠵᠢᠭᠦᠯᠦᠭᠰᠠᠨ ᠪᠠᠶᠢᠳᠠᠯ ᠳᠤ ᠬᠠᠤᠯᠢ ᠬᠡᠷᠩᠵᠢᠭᠦᠯᠤᠯᠳᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/9/24
       ᠣᠶᠢᠷ᠎ᠠ ᠶᠢᠨ ᠡᠳᠤᠷ᠂ ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ︽ᠥᠪᠣᠷ ᠮᠣᠩᠭᠤᠯ ᠤᠨ ᠥᠪᠡᠷᠲᠡᠭᠡᠨ  ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠦᠢᠯᠡᠳᠪᠤᠷᠢᠯᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠦᠷᠢᠮ︾ ᠢ ᠲᠣᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠠ ᠶᠢᠨ ᠪᠠᠶᠢᠴᠠᠭᠠᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠶᠠᠠᠩ ᠾᠦᠢ ᠶᠠᠨ᠂ ᠬᠤᠰᠢᠭᠤᠨ ᠲᠡᠳ᠋ ᠳᠠᠷᠤᠭ᠎ᠠ ᠮᠦ ᠬᠦᠸᠧ ᠳ᠋ᠦᠩ ᠪᠠᠶᠢᠴᠠᠭᠠᠯᠲᠠ ᠪᠠ ᠶᠠᠷᠢᠯᠴᠠᠬᠤ ᠬᠤᠷᠠᠯ ᠳᠤ ᠣᠷᠤᠯᠴᠠᠵᠠᠢ᠃
       ᠪᠠᠶᠢᠴᠠᠭᠠᠬᠤ ᠲᠣᠭᠤᠶᠢᠯᠠᠩ ᠤᠨ ᠬᠢᠨ ᠤᠷᠢᠳ ᠬᠤᠵᠢᠳ ᠰᠢᠨ ᠮᠢᠨ ᠰᠢᠶᠠᠩ᠂ ᠬᠤᠨᠲᠤ ᠪᠠᠯᠭᠠᠰᠤ᠂ ᠠᠷᠤ ᠬᠤᠷᠴᠢᠨ ᠬᠤᠰᠢᠭᠤᠨ ᠤ ᠠᠵᠤ ᠣᠶᠢᠯᠡᠳᠪᠤᠷᠢ ᠶᠢᠨ ᠬᠦᠷᠢᠶᠡᠯᠠᠩ ᠲᠣᠭᠤᠷᠢᠭ ᠲᠤ ᠬᠥᠨᠵᠡᠭᠡᠶᠢᠷᠠᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠢ ᠶᠢᠨ ᠳᠡᠯᠡᠪᠡᠢ ᠶᠢᠨ ᠬᠠᠷᠢᠭᠤ ᠮᠡᠳᠡᠭᠦᠯᠤᠯᠲᠠ ᠶᠢ ᠰᠣᠨᠣᠰᠬᠤ ᠠᠷᠭ᠎ᠠ ᠬᠡᠯᠪᠡᠷᠢ ᠪᠠᠷ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠤᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠦᠷᠢᠮ ᠤᠨ ᠠᠵᠢᠯ ᠤᠨ ᠲᠤᠬᠠᠢ ᠪᠠᠶᠢᠴᠠᠭᠠᠯᠲᠠ ᠦᠷᠨᠢᠭᠦᠯᠪᠡ᠃
       ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠳᠡᠳ᠋ ᠳᠠᠷᠤᠭ᠎ᠠ ᠮᠦ ᠭᠦᠸᠧ ᠳ᠋ᠦᠩ ᠬᠠᠤᠯᠢ ᠬᠡᠷᠡᠭᠵᠢᠭᠦᠯᠦᠯᠲᠠ ᠶᠢᠨ ᠪᠠᠶᠢᠴᠠᠭᠠᠯᠲᠠ ᠶᠢᠨ ᠠᠭᠤᠯᠭ᠎ᠠ ᠶᠢᠨ ᠲᠣᠭᠤᠷᠢᠨ ᠳᠤ ᠪᠠᠶᠢᠴᠠᠭᠠᠬᠤ ᠲᠣᠭᠤᠶᠢᠯᠠᠩ ᠳᠤ ᠪᠦᠬᠦ ᠬᠤᠰᠢᠭᠤᠨ ᠤ ᠠᠵᠢᠯ ᠢᠶᠠᠨ ᠦᠷᠨᠢᠭᠦᠯᠦᠭᠰᠠᠨ ᠪᠠᠶᠢᠳᠠᠯ ᠢ ᠬᠠᠷᠢᠭᠤ ᠮᠡᠳᠡᠭᠦᠯᠵᠤ᠂ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠵᠤ ᠦᠢᠯᠡᠳᠪᠤᠷᠢ ᠮᠡᠳᠡᠭᠡ ᠵᠠᠩᠬᠢᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠡ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠠ ᠶᠢᠨ ᠬᠠᠷᠢᠭᠤᠴᠠᠯᠭᠠᠲᠠᠨ ᠲᠣᠰ ᠲᠣᠰ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠣᠡᠪᠣᠷᠢᠯᠡᠯ ᠤᠨ ᠰᠠᠭᠤᠷᠢᠨ ᠭᠠᠵᠠᠷ ᠤᠨ ᠪᠦᠳᠣᠭᠡᠨ ᠪᠠᠶᠢᠭᠤᠯᠤᠯᠲᠠ ᠶᠢ ᠠᠬᠢᠭᠤᠯᠬᠤ ᠲᠦᠷᠢᠮ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠤᠯᠲᠠ ᠬᠢᠵᠦ᠂ ᠬᠤᠷᠠᠯ ᠳᠤ ᠣᠷᠣᠯᠴᠠᠭᠰᠠᠳ ᠢᠳᠡᠪᠬᠢᠲᠡᠢ ᠪᠠᠷ ᠰᠠᠨᠠᠯ ᠰᠠᠨᠠᠭᠤᠯᠭ᠎ᠠ  ᠲᠣᠷᠠᠣᠡᠬᠤ  ᠶᠢᠨ  ᠬᠠᠮᠲᠤ  ᠰᠤᠯᠢᠯᠴᠠᠨ  ᠶᠠᠷᠢᠯᠴᠠᠪᠠ᠃
       ᠶᠠᠩ ᠾᠦᠢ ᠶᠠᠨ ᠴᠢᠬᠤᠯᠠᠴᠢᠯᠠᠬᠤ  ᠳᠠᠭᠠᠨ᠂ ᠡᠯ᠎ᠡ ᠰᠠᠯᠠᠭ᠎ᠠ ᠮᠥᠴᠢᠷ ᠤᠨ ᠬᠢᠨ ᠲᠦᠷᠢᠮ ᠤᠨ ᠰᠤᠷᠤᠯᠴᠠᠯᠭ᠎ᠠ ᠪᠠᠨ ᠴᠢᠩᠭᠠᠣᠡᠬᠠᠵᠤ᠂ ᠰᠤᠷᠤᠯᠴᠠᠯᠭ᠎ᠠ ᠪᠠᠷ ᠲᠠᠮᠵᠢᠨ ᠶᠡᠷᠤᠩᠬᠡᠶᠢᠯᠡᠭᠰᠡᠨ ᠬᠡᠪ ᠪᠣᠯᠪᠠᠰᠤᠷᠠᠯ ᠦᠨᠳᠤᠷ᠂ ᠲᠤᠰᠬᠠᠢ ᠮᠡᠷᠭᠡᠵᠢᠯ ᠤᠨ ᠴᠢᠳᠠᠪᠤᠷᠢ ᠴᠢᠩᠭ᠎ᠠ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠬᠦᠴᠦᠯᠡᠨ ᠪᠣᠢ ᠪᠣᠯᠭᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠯᠤᠰ ᠭᠡᠲᠦ ᠶᠢᠨ ᠲᠦᠯᠤᠪᠵᠢᠭᠦᠯᠭᠡ ᠪᠣᠯᠣᠨ ᠨᠡᠶᠢᠭᠡᠮᠴᠢᠯᠡᠭᠰᠡᠨ ᠦᠢᠯᠡᠴᠢᠯᠡᠭᠡ ᠢ ᠰᠠᠶᠢᠲᠤᠷ ᠬᠢᠵᠦ᠂ ᠶᠡᠷᠤᠩᠬᠡᠢ ᠰᠡᠳᠬᠢᠴᠡ᠂ ᠬᠠᠷᠠᠯᠲᠠ ᠶᠢᠨ ᠡᠭᠦᠷᠭᠡ ᠪᠣᠯᠣᠨ ᠪᠤᠲᠠᠲᠠᠢ ᠳᠣᠬᠢᠷᠠᠭᠤᠯᠤᠯᠲᠠ ᠪᠠᠨ  ᠲᠣᠳᠣᠷᠬᠠᠶᠢᠯᠠᠨ᠂ ᠱᠠᠲᠤ ᠦᠶ᠎ᠡ ᠬᠤᠪᠢᠶᠠᠨ᠂ ᠠᠯᠬᠤᠮ ᠳᠠᠷᠠᠭ᠎ᠠ ᠬᠤᠪᠢᠶᠠᠨ ᠢᠳᠡᠪᠬᠢᠲᠠᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠦᠷ᠎ᠡ ᠪᠦᠲᠣᠮᠵᠢ ᠪᠣᠯᠣᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠦᠷᠭᠦᠯᠵᠢᠯᠡᠨ ᠲᠡᠭᠡᠭᠰᠢᠯᠡᠭᠦᠯᠬᠦ ᠬᠡᠷᠡᠭᠲᠡᠢ᠃ ᠲᠠᠷᠢᠶᠡᠯᠠᠩ ᠮᠠᠯ ᠠᠵᠤ ᠠᠬᠤᠢ ᠶᠢᠨ ᠪᠡᠯᠡᠳᠭᠡᠮᠵᠢ ᠶᠢᠨ ᠰᠠᠭᠤᠷᠢ ᠨᠦᠬᠦᠴᠡᠯ ᠢ ᠤᠯᠠᠮ ᠨᠢᠭᠡ ᠠᠯᠬᠤᠮ ᠪᠠᠬᠢᠵᠢᠭᠦᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠪᠣᠯᠪᠡᠰᠤᠷᠠᠭᠤᠯᠬᠤ ᠲᠠᠯ᠎ᠠ ᠪᠠᠷ ᠠᠵᠤ ᠣᠶᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠳᠤᠳᠬᠠᠨ᠂ ᠲᠦᠷᠤᠯ ᠲᠠᠮᠳᠡᠭ ᠤᠨ ᠪᠠᠶᠢᠭᠤᠯᠤᠯᠲᠠ ᠶᠢ ᠦᠷᠭᠦᠯᠵᠢᠯᠠᠨ ᠳᠡᠭᠡᠭᠰᠢᠯᠡᠭᠦᠯᠵᠦ᠂ ᠰᠢᠨ᠎ᠡ ᠵᠠᠭᠤᠴᠢᠯᠠᠭᠤᠷ ᠢ ᠰᠠᠶᠢᠲᠤᠷ ᠠᠰᠢᠭᠯᠠᠨ᠂ ᠤᠬᠠᠭᠤᠯᠭ᠎ᠠ ᠶᠢᠨ ᠠᠴᠢᠶᠠᠯᠠᠪᠤᠷᠢ ᠶᠢᠨ ᠪᠠᠶᠢᠭᠤᠯᠤᠯᠲᠠ ᠪᠠ ᠭᠠᠲᠠᠭᠠᠲᠤ ᠤᠬᠠᠭᠤᠯᠭ᠎ᠠ ᠶᠢ ᠴᠢᠩᠭᠠᠳᠬᠠᠵᠤ᠂ ᠤᠬᠠᠭᠤᠯᠭ᠎ᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠤ᠂ ᠠᠷᠤ ᠬᠤᠷᠴᠢᠨ ᠬᠤᠰᠢᠭᠤᠨ ᠤ ᠲᠦᠷᠤᠯ  ᠲᠡᠮᠳᠡᠭ ᠤᠨ  ᠠᠯᠳᠠᠷᠰᠢᠯ  ᠢ  ᠳᠡᠭᠡᠭᠰᠢᠯᠡᠭᠦᠬᠦ  ᠬᠡᠷᠡᠭᠲᠡᠢ  ᠭᠡᠪᠡ᠃                                                     ︵ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号