ᠠᠷᠤ ᠬᠤᠷᠴᠢᠨ ᠬᠤᠰᠢᠭᠤᠨ ᠤ ᠠᠬᠠᠮᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠡᠨ ᠤ ᠨᠡᠶᠢᠭᠡᠮᠯᠢᠭ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠨᠠᠰᠤᠳᠠᠶᠢᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ︾ ᠡᠷᠬᠢᠯᠡᠪᠡ
ᠨᠡᠶᠢᠲᠡᠯᠡᠭᠰᠡᠨ ᠴᠠᠭ᠄
2024/9/24
       ᠣᠶᠢᠷ᠎ᠠ ᠳᠤ᠂ ᠠᠷᠤ ᠬᠤᠷᠴᠢᠨ ᠬᠤᠰᠢᠭᠤᠨ ᠤ ᠠᠬᠠᠮᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠨᠡᠶᠢᠭᠡᠮᠯᠢᠭ ︽ᠪᠦᠬᠦᠳᠡ ᠨᠡᠶᠢᠷᠠᠮᠳᠠᠬᠤ ᠲᠤᠮᠳᠠᠲᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠨᠠᠰᠤᠳᠠᠶᠢᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠠᠩ︾ ᠢ ᠦᠷᠨᠢᠭᠦᠯᠬᠦ ᠶᠣᠰᠤᠯᠠᠯ ᠶᠠᠪᠤᠭᠤᠯᠵᠤ᠂ ᠬᠤᠰᠢᠭᠤᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠣᠣᠡᠬᠤᠡᠪᠠᠶᠡᠷ᠂ ᠬᠤᠰᠢᠭᠤᠨ ᠠᠬᠠᠮᠠᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠨᠡᠶᠢᠭᠡᠮᠯᠢᠭ ᠤᠨ ᠳᠠᠷᠤᠭ᠎ᠠ ᠪᠤᠤ ᠢᠦᠢ ᠶᠣᠰᠤᠯᠠᠯ ᠳᠤ ᠣᠷᠣᠯᠴᠠᠵᠠᠢ᠃
       ᠲᠣᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ ᠨᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠣᠭᠤᠰᠢᠯᠠᠭᠤᠯᠤᠨ ᠨᠡᠶᠢᠳᠡᠪᠤᠷᠢᠵᠢᠭᠤᠯᠵᠤ᠂ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠤᠨ ᠬᠡᠯᠪᠡᠷᠢ ᠪᠠᠷ ᠰᠢᠨ᠎ᠡ ᠳᠤᠮᠳᠠᠲᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠬᠡᠷᠡᠯ ᠰᠡᠴᠤᠷᠠᠩᠭᠤᠢ ᠲᠡᠣᠬᠡᠨ ᠶᠠᠪᠤᠴᠠ ᠶᠢ ᠮᠬᠠᠳᠡᠨ ᠳᠠᠭᠤᠯᠠᠵᠤ᠂ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠣᠯᠤᠭᠰᠠᠨ ᠠᠭᠤᠤ ᠶᠡᠭᠡ ᠠᠮᠵᠢᠯᠲᠠ ᠶᠢ ᠮᠠᠭᠲᠠᠨ ᠳᠠᠭᠤᠯᠠᠵᠤ᠂ ᠳᠤᠮᠳᠠᠲᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠲᠠᠷᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠤᠬᠢ ᠰᠣᠳᠣ ᠪᠠ ᠷᠢᠳᠢ ᠰᠢᠳᠢ ᠶᠢ ᠢᠯᠡᠷᠡᠭᠦᠯᠬᠦ ᠪᠠᠷ ᠵᠣᠷᠢᠯᠲᠠ ᠪᠣᠯᠭᠠᠨ᠂ ᠬᠤᠰᠢᠭᠤᠨ ᠠᠬᠠᠮᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠨᠡᠶᠢᠭᠡᠮᠯᠢᠭ ᠠᠴᠠ ᠭᠤᠣᠯᠯᠠᠨ ᠡᠷᠬᠢᠯᠡᠵᠤ᠂ ᠠᠷᠤ ᠬᠤᠷᠴᠢᠨ ᠤ ᠮᠤᠩᠭᠤᠯ ᠪᠢᠴᠢᠭ ᠤᠨ ᠨᠠᠰᠤᠳᠠᠶᠢᠴᠤᠳ ᠤᠨ ᠤᠷᠠᠨ ᠪᠢᠴᠢᠯᠭᠡᠳᠡᠨ ᠤ ᠨᠡᠶᠢᠭᠡᠮᠯᠢᠭ᠂ ᠠᠷᠤ ᠬᠤᠷᠴᠢᠨ ᠬᠤᠰᠢᠭᠤᠨ ᠤ ᠨᠠᠰᠤᠳᠠᠶᠢᠴᠣᠳ ᠤᠨ ᠤᠷᠠᠨ ᠪᠢᠴᠢᠯᠭᠡᠳᠡᠨ ᠤ ᠨᠡᠶᠢᠭᠡᠮᠯᠢᠭ᠂ ᠤᠯᠠᠭᠠᠬᠠᠭᠲᠠ ᠬᠤᠲᠠ ᠶᠢᠨ ᠨᠠᠰᠤᠳᠠᠶᠢᠴᠤᠳ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠮᠤᠩᠭᠤᠯ ᠪᠢᠴᠢᠭ ᠤᠨ ᠬᠤᠪᠢᠶᠠᠷᠢ ᠨᠡᠶᠢᠭᠡᠮᠯᠢᠭ ᠠᠴᠠ ᠬᠠᠮᠵᠢᠯᠴᠡᠨ ᠡᠷᠬᠢᠯᠡᠪᠡ᠃ ᠦᠵᠡᠰᠭᠦᠯᠡᠩ ᠳᠤ ᠠᠬᠠᠮᠠᠳ ᠨᠠᠰᠤᠲᠠᠢ ᠤᠷᠠᠨ ᠪᠢᠴᠢᠯᠭᠡ ᠤᠷᠠᠨ ᠵᠢᠷᠤᠭ ᠤᠨ ᠪᠠᠭ᠋ᠠᠳᠠᠣᠨ ᠤᠨ 70 ᠭᠠᠷᠤᠢ ᠪᠦᠲᠦᠭᠡᠯ ᠢ ᠳᠡᠯᠭᠡᠨ ᠦᠵᠡᠭᠦᠯᠵᠡᠢ᠃ ᠦᠵᠡᠰᠭᠦᠯᠡᠩ ᠳᠤ ᠣᠷᠣᠯᠴᠬᠠᠰᠡᠨ ᠪᠦᠲᠦᠭᠡᠯ ᠨᠢ ᠲᠡᠳᠡᠯᠭᠠᠨ ᠲᠢᠭ᠂ ᠬᠢᠴᠢᠶᠡᠩᠭᠦᠢ ᠲᠢᠭ᠂ ᠭᠤᠷ ᠲᠢᠭ ᠵᠡᠷᠭᠡ ᠪᠦᠲᠦᠭᠡᠯ ᠪᠠᠶᠢᠵᠤ᠂ ᠡᠳᠡᠭᠡᠷ ᠦᠰᠦᠭ ᠢ ᠪᠢᠴᠢᠭᠰᠡᠨ ᠨᠢ ᠵᠠᠷᠢᠮ ᠨᠢ ᠵᠢᠷᠠ ᠳᠠᠯᠠᠨ ᠨᠠᠰᠤ ᠶᠢ ᠬᠥᠬᠡᠭᠡᠵᠦ ᠠᠵᠢᠯ ᠠᠴᠠ ᠪᠠᠨ ᠠᠮᠠᠷᠠᠭᠰᠠᠨ ᠴᠤ ᠤᠯᠤᠰ ᠣᠷᠣᠨ ᠤ ᠪᠠᠨ ᠢᠷᠡᠭᠡᠳᠦᠢ ᠬᠤᠪᠢ ᠵᠠᠶᠠᠭ᠎ᠠ ᠶᠢ ᠴᠠᠭ ᠢᠮᠬᠠᠳᠡ ᠬᠠᠯᠠᠮᠵᠢᠯᠡᠵᠤ᠂ ᠦᠳᠡᠯᠪᠠᠯ ᠰᠤᠷᠬᠤ ᠶᠠᠭᠤᠮ᠎ᠠ ᠲᠠᠢ᠂ ᠦᠳᠡᠯᠪᠡᠯ ᠪᠠᠶᠠᠷᠯᠠᠬᠤ ᠶᠠᠭᠤᠮ᠎ᠠ ᠲᠠᠢ᠂ ᠦᠳᠡᠯᠪᠡᠯ ᠬᠢᠬᠦ ᠶᠠᠭᠤᠮ᠎ᠡ ᠲᠠᠢ ᠪᠠᠶᠢᠬᠤ ᠶᠢ ᠪᠠᠷᠢᠮᠳᠠᠯᠠᠨ᠂ ᠭᠡᠭᠦᠳᠡᠭ ᠲᠦᠭᠦᠷᠠᠩ ᠬᠠᠶᠢᠷ᠎ᠠ ᠰᠡᠳᠭᠢᠯᠭᠡ ᠲᠠᠢ ᠪᠠᠶᠢᠵᠤ᠂ ᠨᠠᠮ ᠤᠨ ᠰᠤᠳᠣ ᠮᠡᠷᠭᠡᠨ ᠤᠳᠤᠷᠢᠳᠤᠯᠭ᠎ᠠ ᠶᠢ ᠮᠠᠭᠲᠠᠨ ᠳᠠᠭᠤᠯᠠᠵᠤ᠂ ᠠᠭᠤᠤ ᠶᠡᠭᠡ ᠡᠬᠡ ᠣᠷᠣᠨ ᠤ ᠪᠠᠨ ᠬᠦᠭᠵᠢᠯ ᠪᠠᠲᠠᠷᠠᠯ ᠢ ᠮᠠᠭᠲᠠᠨ ᠳᠠᠭᠤᠯᠠᠵᠤ᠂ ᠥᠪᠡᠷ ᠤᠨ ᠨᠠᠮ᠂ ᠡᠬᠡ ᠣᠷᠣᠨ᠂ ᠠᠷᠠᠳ ᠲᠦᠮᠡᠨ ᠢᠶᠠᠨ ᠬᠠᠶᠢᠷᠠᠯᠠᠬᠤ ᠰᠡᠳᠭᠢᠯᠭᠡ ᠪᠠᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠳᠡᠭᠡᠨ ᠠᠭᠤᠰᠬᠠᠨ ᠰᠢᠩᠬᠡᠭᠡᠭᠰᠡᠨ ᠪᠠᠶᠢᠨ᠎ᠠ᠃
       ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ ᠨᠢ 9 ᠰᠠᠷ᠎ᠠ ᠶᠢᠨ 20 ᠤ ᠡᠳᠤᠷ ᠠᠴᠠ 10 ᠰᠠᠷ᠎ᠠ ᠶᠢᠨ 10 ᠤ ᠡᠳᠤᠷ ᠪᠣᠯᠲᠠᠯ᠎ᠠ ᠶᠠᠪᠤᠭᠲᠠᠬᠤ ᠪᠥᠭᠡᠳ ᠬᠢᠲᠠᠳ ᠪᠠ ᠮᠤᠩᠭᠤᠯ ᠬᠤᠶᠠᠷ ᠲᠤᠭᠤᠶᠢᠯᠠᠩ ᠬᠤᠪᠢᠶᠠᠵᠤ᠂ ᠨᠢᠭᠡᠳᠦᠭᠡᠷ ᠲᠡᠰ ᠲᠤ 1 ᠨᠡᠷ᠎ᠡ᠂ ᠬᠤᠶᠠᠳᠤᠭᠠᠷ ᠲᠡᠰ ᠲᠤ 2 ᠨᠡᠷ᠎ᠡ᠂ ᠭᠤᠷᠪᠠᠳᠣᠭᠠᠷ ᠲᠡᠰ ᠲᠤ 3 ᠨᠡᠷ᠎ᠡ᠂ ᠰᠢᠯᠢᠳᠡᠭ ᠳᠡᠰ ᠲᠤ ᠡᠳᠦᠢ ᠲᠡᠳᠦᠢ ᠪᠦᠲᠦᠭᠡᠯ ᠢ ᠰᠢᠯᠭᠠᠷᠠᠭᠤᠯᠵᠤ ᠱᠠᠩᠨᠠᠯ ᠤᠯᠭᠤᠬᠤ ᠪᠣᠯᠣᠨ᠎ᠠ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号