︽ᠨᠢᠳᠣ ᠢᠷᠮᠡᠬᠦ ᠶᠢᠨ ᠵᠠᠭᠤᠷ᠎ᠠ᠂ ᠰᠠᠭᠤᠷᠢᠰᠢᠯ ᠳᠤ ᠨᠡᠭᠦᠬᠦ ᠤᠯᠠᠷᠢᠯ ᠪᠣᠯᠣᠯ᠎ᠠ᠂ ᠠᠷᠠᠳ ᠤᠨ ᠴᠠᠭᠳᠠᠭ᠎ᠠ | ᠪᠥᠬᠦ ᠶᠠᠪᠤᠴᠠ ᠳᠤ ᠡᠯ᠎ᠡ ᠲᠠᠯ᠎ᠠ ᠶᠢᠨ ᠦᠢᠯᠡᠴᠢᠯᠡᠭᠡ ᠬᠠᠩᠭᠠᠭᠰᠠᠨ ᠠᠴᠠ ᠨᠡᠭᠦᠳᠡᠯ ᠠᠮᠤᠷ ᠲᠦᠪᠰᠢᠨ ᠤ ᠪᠠᠲᠤᠯᠠᠭ᠎ᠠ | ᠲᠠᠢ ᠪᠣᠯᠤᠭᠰᠠᠨ ᠢᠶᠠᠷ ᠪᠠᠷᠠᠬᠤ ᠦᠭᠡᠢ᠂ ᠬᠡᠷᠡᠭᠰᠡᠬᠦ ᠴᠠᠭ ᠨᠢ ᠴᠤ ᠪᠣᠭᠤᠨᠢᠰᠤᠭᠰᠠᠨ ᠪᠠᠶᠢᠨ᠎ᠠ︾ ᠭᠡᠵᠤ ᠪᠠᠶ᠋ᠬᠠᠦ᠋ᠡᠳᠣᠷ | ᠰᠤᠮᠤ ᠶᠢᠨ ᠰᠢᠷᠡᠪᠦᠲᠡ ᠭᠠᠴᠠᠭᠠᠨ ᠤ ᠮᠠᠯᠴᠢᠨ ᠥᠯᠵᠡᠶᠢᠵᠢᠷᠭᠠᠯ ᠪᠠᠶᠠᠷᠲᠠᠢ ᠶᠠᠷᠢᠨ᠎ᠠ᠃ | | | | ᠬᠠᠯᠠᠭᠤᠨ ᠡᠭᠡᠵᠦ ᠠᠭᠠᠷ ᠤᠨ ᠲᠣᠯᠭᠠᠨ ᠳᠣᠷᠣᠭᠰᠢᠯᠡᠨ᠂ ᠡᠪᠡᠰᠦ ᠮᠣᠳᠣ ᠰᠢᠷᠡᠯᠠᠬᠤ ᠶᠢ ᠳᠠᠭᠠᠯᠳᠤᠨ᠂ | ᠪᠠᠶ᠋ᠬᠠᠦ᠋ᠡᠳᠣᠷ ᠰᠤᠮᠤ ᠶᠢᠨ ᠮᠠᠯᠴᠢᠳ ᠤᠨ ᠰᠠᠭᠤᠷᠢᠰᠢᠯ ᠳᠤ ᠪᠠᠨ ᠨᠡᠭᠦᠬᠦ ᠶᠠᠭᠠᠷᠠᠯᠲᠠᠢ ᠤᠯᠠᠷᠢᠯ ᠪᠣᠯᠵᠤ᠂ ᠦᠭᠡᠷ | ᠬᠤᠨᠢ ᠪᠠᠨ ᠳᠠᠭᠤᠵᠤ ᠠᠭᠤᠯᠠ ᠳᠠᠪᠠᠭ᠎ᠠ ᠶᠢ ᠲᠠᠪᠠᠨ᠂ ᠰᠦᠷ ᠳᠠᠯᠡᠶᠢᠴᠡᠲᠡᠢ ︽ ᠶᠡᠭᠡ ᠨᠡᠭᠦᠳᠡᠯ ︾ ᠢᠶᠠᠨ | ᠡᠬᠢᠯᠡᠭᠦᠯᠵᠦ᠂ ᠥᠪᠡᠷᠮᠢᠴᠡ ᠨᠡᠭᠦᠳᠡᠯ ᠮᠠᠯᠵᠢᠯ ᠤᠨ ᠰᠦᠷᠯᠢᠭ ᠦᠵᠡᠮᠵᠢ ᠶᠢ ᠪᠦᠷᠢᠯᠳᠦᠭᠦᠯᠵᠠᠢ᠃ ᠠᠳᠡᠬᠢ ᠮᠠᠯᠴᠢᠳ | ︽ᠤᠰᠤᠨ ᠤ ᠲᠤᠩᠭᠠᠯᠠᠭ ᠡᠪᠡᠰᠦᠨ ᠤ ᠰᠤᠷᠭᠤᠭ ᠢ ᠲᠠᠭᠠᠨ ᠨᠡᠭᠦᠳᠡᠯᠯᠡᠬᠦ︾ ᠤᠯᠠᠮᠵᠢᠯᠡᠯᠲᠤ ᠨᠡᠭᠦᠳᠡᠯ ᠮᠠᠯᠵᠢᠯ ᠤᠨ | ᠠᠷᠭ᠎ᠠ ᠬᠡᠯᠪᠡᠷᠢ ᠪᠠᠨ ᠪᠠᠷᠢᠮᠳᠠᠯᠬᠠᠰᠠᠭᠠᠷ ᠢᠷᠡᠵᠤ᠂ ᠵᠢᠯ ᠪᠦᠷᠢ ᠶᠢᠨ ᠶᠢᠰᠤ᠂ ᠠᠷᠪᠠᠨ ᠰᠠᠷ᠎ᠠ ᠶᠢᠨ ᠦᠶ᠎ᠡ ᠪᠠᠷ ᠠᠷᠤ | ᠬᠤᠷᠴᠢᠨ ᠤ ᠲᠠᠯ᠎ᠠ ᠨᠤᠳᠤᠭ ᠲᠤ ᠡᠨᠡᠬᠦ ᠶᠠᠷᠤ ᠪᠤᠰᠤ ᠶᠢᠨ ᠦᠵᠡᠮᠵᠢ ᠢᠯᠡᠷᠡᠨ᠎ᠠ᠃ | | | | ᠠᠷᠤ ᠬᠤᠷᠴᠢᠨ ᠬᠤᠰᠢᠭᠤᠨ ᠤ ᠲᠣᠳᠤᠭᠠᠲᠤ ᠶᠢ ᠬᠠᠮᠠᠭᠠᠯᠠᠬᠤ ᠲᠣᠪᠴᠢᠶ᠎ᠠ ᠶᠢᠨ ᠪᠠᠶ᠋ᠬᠠᠦ᠋ᠡᠳᠣᠷ ᠳᠠᠬᠢ | ᠲᠣᠮᠢᠯᠬᠠᠰᠡᠨ ᠰᠠᠯᠪᠤᠷᠢ ᠶᠢᠨ ︽ᠤᠳᠣᠷ︾ ᠮᠣᠷᠢᠳᠤ ᠴᠠᠭᠳᠠᠭ᠎ᠠ ᠶᠢᠨ ᠠᠩᠬᠢ ᠨᠢ ᠢᠳᠡᠪᠬᠢᠲᠠᠢ ᠬᠦᠳᠡᠯᠤᠯᠴᠡᠨ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ 4 ᠰᠠᠷ᠎ᠡ ᠶᠢᠨ ᠬᠤᠭᠤᠴᠠᠭ᠎ᠠ ᠪᠦᠬᠦᠢ ᠨᠤᠳᠤᠭ ᠪᠠᠯᠴᠢᠭᠡᠷ ᠢ ᠰᠠᠬᠢᠨ | ᠬᠠᠮᠠᠭᠠᠯᠠᠬᠤ ᠡᠭᠦᠷᠭᠡ ᠪᠠᠨ ᠪᠠᠶᠠᠯᠡᠭᠦᠯᠦᠭᠰᠡᠨ ᠤ ᠲᠠᠷᠠᠭ᠎ᠠ᠂ ᠨᠡᠭᠦᠳᠡᠯ ᠴᠬᠠᠳᠠᠭᠠᠨ ᠤ ᠲᠠᠰᠤᠭ ᠲᠤ ᠲᠦᠰᠢᠭᠯᠡᠨ᠂ | ᠨᠠᠮᠤᠷ ᠤᠨ ᠤᠯᠠᠷᠢᠯ ᠤᠨ ᠨᠡᠭᠦᠳᠡᠯ ᠳᠤ ᠦᠢᠯᠡᠴᠢᠯᠡᠬᠦ ᠠᠵᠢᠯ ᠢᠶᠠᠨ ᠦᠣᠡᠳᠡᠷ ᠲᠦᠷᠭᠡᠨ ᠡᠬᠢᠯᠡᠭᠦᠯᠵᠦ᠂ ᠮᠠᠯᠴᠢᠨ | ᠡᠷᠦᠭᠡ ᠨᠢᠭᠡᠪᠦᠷᠢ ᠶᠢ ᠠᠮᠤᠷ ᠲᠦᠪᠰᠢᠨ ᠢᠶᠠᠷ ᠰᠠᠭᠤᠷᠢᠰᠢᠯ ᠳᠤ ᠪᠠᠨ ᠨᠡᠭᠦᠬᠦ ᠳᠤ ᠬᠠᠪᠰᠤᠷᠣᠨ ᠦᠢᠯᠠᠴᠢᠯᠠᠨᠠ᠃ | | | | ᠨᠡᠭᠦᠳᠡᠯ ᠠᠴᠠ ᠡᠮᠤᠨ᠎ᠠ᠂ ᠠᠷᠠᠳ ᠤᠨ ᠴᠬᠠᠳᠠᠭ᠎ᠠ ᠨᠠᠷ ᠡᠷᠤᠭᠡ ᠳᠤ ᠣᠷᠣᠵᠤ᠂ ᠮᠠᠯᠴᠢᠨ ᠲᠦᠮᠡᠨ ᠤ | ᠬᠦᠰᠡᠯ ᠱᠠᠭᠠᠷᠳᠠᠯᠭ᠎ᠠ ᠶᠢ ᠰᠣᠨᠣᠰᠴᠤ᠂ ᠨᠡᠭᠦᠬᠦ ᠶᠠᠪᠤᠴᠠ ᠳᠤ ᠲᠤᠯᠭᠠᠷᠠᠵᠤ ᠮᠡᠳᠡᠬᠦ ᠪᠤᠳᠠᠲᠠᠢ ᠬᠦᠴᠢᠷᠳᠡᠯ ᠢ ᠨᠠᠷᠢᠨ | ᠠᠰᠠᠭᠤᠵᠤ᠂ ᠮᠠᠯᠴᠢᠳ ᠤᠨ ᠪᠠᠶᠢᠳᠠᠯ᠂ ᠮᠠᠯ ᠤᠨ ᠲᠤᠭ᠎ᠠ ᠲᠣᠯᠣᠭᠠᠢ ᠶᠢ ᠪᠠᠶᠢᠴᠠᠭᠠᠨ ᠣᠶᠢᠯᠠᠭᠠᠵᠠᠢ᠃ ᠮᠠᠯᠴᠢᠳ ᠤᠨ | ᠲᠤᠰᠬᠠᠭᠰᠠᠨ ᠨᠡᠭᠦᠳᠡᠯ ᠤᠨ ᠵᠠᠮ ᠬᠤᠯᠠ ᠵᠡᠷᠭᠡ ᠲᠣᠪᠣᠶᠢᠮ᠎ᠡ ᠠᠰᠠᠭᠤᠳᠡᠯ ᠳᠤ ᠴᠢᠭᠯᠡᠭᠦᠯᠣᠨ᠂ ᠡᠷᠦᠭᠡ ᠪᠦᠷᠢ ᠳᠤ | ᠨᠡᠭᠦᠳᠡᠯ ᠤᠨ ᠵᠠᠮ ᠱᠤᠭᠤᠮ ᠪᠠ ᠴᠠᠭ ᠢ ᠲᠣᠭᠲᠠᠭᠠᠨ ᠥᠭᠴᠦ᠂ ᠮᠠᠯᠴᠢᠳ ᠢ ᠵᠢᠯᠤᠭᠤᠳᠣᠨ ᠲᠡᠷᠭᠡ ᠪᠠᠷ | ᠵᠦᠭᠡᠭᠡᠪᠦᠷᠢᠯᠡᠬᠦ᠂ ᠪᠤᠷᠳᠤᠭ᠎ᠠ ᠨᠥᠭᠦᠪᠦᠷᠢᠯᠡᠬᠦ ᠪᠠ ᠮᠠᠯ ᠰᠦᠷᠦᠭ ᠤᠨ ᠬᠠᠮᠢᠶᠡᠷᠤᠯᠲᠠ ᠶᠢ ᠦᠨᠡᠡᠬᠦ ᠰᠠᠶᠢᠳᠤᠷ | ᠠᠣᠡᠬᠤᠵᠠᠢ᠃ ᠨᠡᠭᠦᠳᠡᠯ ᠤᠨ ᠬᠤᠭᠤᠴᠠᠭᠠᠨ ᠳᠤ ᠴᠠᠭᠳᠠᠨ ᠪᠠᠶᠢᠴᠠᠭᠠᠵᠤ ᠬᠠᠮᠢᠶᠠᠷᠤᠨ ᠡᠵᠡᠮᠳᠡᠬᠦ᠂ ᠵᠢᠯᠤᠭᠤᠴᠢ ᠦᠭᠡᠢ | ᠨᠢᠰᠭᠡᠯ ᠢᠶᠠᠷ ᠴᠬᠠᠳᠡᠨ ᠪᠠᠶᠢᠴᠠᠭᠠᠬᠤ᠂ ᠨᠡᠭᠦᠳᠡᠯ ᠤᠨ ᠡᠮᠬᠢ ᠵᠢᠷᠤᠮ ᠢ ᠬᠠᠮᠠᠭᠠᠯᠠᠬᠤ᠂ ᠲᠤᠬᠠᠢ ᠶᠢᠨ ᠲᠠᠯᠠᠪᠤᠷ ᠲᠤᠨᠢ | ᠰᠢᠢᠣᠡᠪᠣᠷᠢᠯᠡᠬᠦ᠂ ᠬᠠᠪᠰᠤᠷᠣᠨ ᠲᠡᠣᠡᠭᠦᠵᠤ ᠠᠪᠤᠷᠠᠨ ᠲᠣᠰᠠᠯᠠᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠬᠦ | ᠵᠡᠷᠭᠡ ᠨᠢ ᠴᠥᠮ ᠲᠠᠲᠠᠨᠠᠷ ᠤᠨ ᠤᠳᠣᠬᠠᠨ ᠤ ᠬᠠᠮᠤᠭ ᠤᠨ ᠴᠢᠬᠤᠯᠠ ᠠᠵᠢᠯ ᠪᠣᠯᠪᠠ᠃ | | | | ᠠᠷᠤ ᠬᠤᠷᠴᠢᠨ ᠬᠤᠰᠢᠭᠤᠨ ᠤ ᠲᠣᠳᠤᠭᠠᠲᠤ ᠶᠢ ᠬᠠᠮᠠᠭᠠᠯᠠᠬᠤ ᠲᠣᠪᠴᠢᠶ᠎ᠠ ᠶᠢᠨ ᠪᠠᠶ᠋ᠬᠠᠦ᠋ᠡᠳᠣᠷ ᠳᠠᠬᠢ | ᠲᠣᠮᠢᠯᠠᠭᠰᠠᠨ ᠰᠠᠯᠪᠤᠷᠢ ᠶᠢᠨ ᠳᠠᠷᠤᠭ᠎ᠠ ᠹᠦ᠋ ᠰᠢᠶᠣᠣ ᠶᠠᠷᠢᠬᠤ ᠳᠠᠭᠠᠨ ︽ᠤᠳᠤᠷ ᠴᠠᠭᠳᠠᠭᠠᠨ ᠤ ᠶᠠᠪᠤᠳᠠᠯ ᠤᠨ ᠲᠠᠰᠤᠭ | ᠪᠠᠶᠢᠭᠤᠯᠤᠭᠳᠠᠭᠰᠠᠨ 10 ᠵᠢᠯ ᠤᠨ ᠣᠢ ᠶᠢᠨ ᠲᠠᠰᠢᠷᠡᠮ ᠢᠶᠠᠷ᠂ ᠴᠠᠭᠳᠠᠭᠠᠨ ᠤ ᠶᠠᠪᠤᠳᠠᠯ ᠤᠨ ᠲᠠᠰᠤᠭ ᠤᠨ | ᠠᠷᠠᠳ ᠤᠨ ᠲᠤᠰᠠᠯᠠᠬᠤ ᠴᠠᠭᠳᠠᠭ᠎ᠠ ᠲᠠᠯ᠎ᠠ ᠨᠤᠳᠤᠭ ᠤᠨ ᠨᠡᠭᠦᠳᠡᠯ ᠮᠠᠯᠵᠢᠯ ᠤᠨ ᠵᠠᠩ ᠲᠠᠣᠡᠬᠠᠯ ᠲᠠᠢ ᠨᠢᠡᠡᠳᠠ | ᠤᠶᠠᠯᠳᠤᠭᠤᠯᠤᠨ᠂ ᠮᠠᠯᠴᠢᠳ ᠤᠨ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ᠂ | ᠴᠠᠭᠳᠠᠭᠠᠨ ᠤ ᠶᠠᠪᠤᠳᠠᠯ ᠤᠨ ᠰᠢᠨ᠎ᠠ ᠶᠢ ᠡᠭᠦᠳᠬᠦ ᠶᠢ ᠬᠠᠶᠢᠨ ᠰᠦᠪᠡᠭᠴᠢᠯᠠᠵᠤ᠂ ᠬᠠᠷᠢᠶ᠎ᠠ ᠣᠷᠣᠨ ᠤ ᠲᠣᠳᠣᠭᠠᠲᠤ ᠶᠢ | ᠬᠠᠮᠠᠭᠠᠯᠠᠬᠤ ᠣᠨᠴᠠᠯᠢᠭ ᠪᠦᠬᠦᠢ ᠲᠦᠷ ᠴᠠᠭ ᠤᠨ ︽ᠤᠳᠣᠷ︾ ᠮᠣᠷᠢᠳᠣ ᠴᠬᠠᠳᠠᠭ᠎ᠠ ᠶᠢᠨ ᠠᠩᠬᠢ ᠶᠢ ᠪᠠᠶᠢᠭᠤᠯᠵᠤ᠂ | 4 ᠰᠠᠷ᠎ᠠ ᠶᠢᠨ ᠬᠤᠭᠤᠴᠠᠭ᠎ᠠ ᠲᠠᠢ ᠰᠠᠬᠢᠨ ᠬᠠᠮᠠᠭᠠᠯᠠᠬᠤ ᠠᠵᠢᠯ ᠤᠨ ᠳᠤᠮᠳᠠ᠂ ᠮᠣᠷᠢᠲᠤ ᠴᠠᠭᠳᠠᠭ᠎ᠠ ᠶᠢᠨ ᠠᠩᠬᠢ ᠨᠢ | ᠦᠣᠡᠳᠡᠷ ᠲᠦᠷᠭᠡᠨ ᠪᠥᠭᠡᠳ ᠬᠦᠩᠬᠡᠨ ᠱᠠᠯᠠᠮᠠᠭᠠᠢ ᠪᠠᠶᠢᠵᠤ᠂ ᠬᠠᠮᠤᠭ ᠤᠨ ᠶᠡᠭᠡ ᠦᠢᠯᠠᠳᠤᠯ ᠴᠢᠳᠠᠪᠤᠷᠢ ᠪᠠᠨ ᠦᠨᠡᠨ | ᠬᠦ ᠪᠠᠲᠠᠷᠠᠭᠤᠯᠵᠤ᠂ ᠲᠠᠯ᠎ᠠ ᠨᠤᠳᠤᠭ ᠤᠨ ᠰᠡᠷᠭᠡᠶᠢᠯᠡᠨ ᠡᠵᠡᠮᠲᠡᠬᠦ ᠰᠢᠰᠲ᠋ᠧᠮ ᠢ ᠪᠠᠶᠢᠭᠤᠯᠤᠨ᠂ ᠦᠷᠭᠡᠨ ᠣᠯᠠᠨ | ᠮᠠᠯᠴᠢᠳ ᠤᠨ ᠠᠮᠤᠷ ᠲᠥᠪᠰᠢᠨ ᠤ ᠲᠦᠷᠥᠭᠳᠡᠯ ᠢ ᠨᠡᠮᠡᠭᠳᠡᠭᠦᠯᠪᠡ︾ ᠭᠡᠰᠡᠨ ᠪᠠᠶᠢᠨ᠎ᠡ᠃ | | | | ︽ᠤᠳᠣᠷ︾ ᠮᠣᠷᠢᠲᠤ ᠴᠬᠠᠳᠠᠭ᠎ᠠ ᠶᠢᠨ ᠠᠩᠬᠢ ᠶᠢᠨ ᠬᠠᠮᠠᠭᠠᠯᠠᠯ ᠲᠣᠣᠷ᠎ᠠ᠂ ᠮᠠᠯᠴᠢᠳ ᠤᠨ ᠨᠠᠮᠤᠷ ᠤᠨ | ᠤᠯᠠᠷᠢᠯ ᠤᠨ ᠨᠡᠭᠦᠳᠡᠯ ᠤᠨ ᠠᠶᠠᠨ ᠤᠷᠤᠭᠰᠢᠲᠠᠢ ᠶᠠᠪᠤᠭᠲᠠᠵᠤ᠂ ᠤᠭ ᠵᠣᠷᠢᠯᠲᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠪᠥᠬᠦ ᠪᠦᠮᠪᠦᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ | ᠰᠣᠶᠣᠯ ᠤᠨ ᠥᠪ ᠢᠶᠠᠷ ᠪᠦᠷᠢᠳᠭᠡᠭᠳᠡᠭᠰᠡᠨ ᠨᠡᠭᠦᠳᠡᠯ ᠮᠠᠯᠵᠢᠯ ᠤᠨ ᠣᠷᠣᠨ ᠢ ᠰᠠᠬᠢᠨ ᠬᠠᠮᠠᠭᠠᠯᠠᠨ᠂ ᠮᠠᠯᠴᠢᠳ ᠤᠨ | ᠨᠠᠮᠤᠷ ᠤᠨ ᠤᠯᠠᠷᠢᠯ ᠤᠨ ᠨᠡᠭᠦᠳᠡᠯ ᠳᠤ ︽ᠠᠮᠤᠷ ᠲᠥᠪᠰᠢᠨ ᠤ ᠰᠢᠭᠦᠷ︾ ᠤᠨ ᠦᠢᠯᠡᠳᠣᠯ ᠦᠵᠡᠭᠦᠯᠪᠡ᠃ | | |