1 — 8 ᠳ᠋ᠤᠭᠠᠷ ᠰᠠᠷ᠎ᠠ ᠳᠤ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠦ ᠠᠴᠠ | ᠤᠷᠤᠭᠤᠯᠵᠦ ᠭᠠᠳᠠᠭᠠᠳᠦ ᠳᠤ ᠭᠠᠷᠭᠠᠭᠰᠠᠨ ᠲᠤᠭ᠎ᠠ ᠦᠷᠭᠦᠯᠵᠢᠯᠡᠨ ᠨᠡᠮᠡᠭᠳᠡᠪᠡ᠃ 1 — 8 ᠳ᠋ᠤᠭᠠᠷ ᠰᠠᠷ᠎ᠠ ᠳᠤ᠂ | ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠭᠰᠠᠨ ᠲᠤᠭ᠎ᠠ | 1345.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7% ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 4.7 ᠵᠠᠭᠤᠨ ᠤ ᠨᠢᠭᠡᠴᠢ ᠥᠨᠳᠥᠷ | ᠪᠣᠯᠪᠠ᠃ ᠡᠭᠦᠨ ᠳᠤ᠂ ᠭᠠᠳᠠᠭᠠᠳᠤ ᠳᠤ ᠭᠠᠷᠭᠠᠭᠰᠠᠨ ᠲᠤᠭ᠎ᠠ 538.5 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠪᠡ︔ ᠭᠠᠳᠠᠭᠠᠳᠤ ᠠᠴᠠ ᠤᠷᠤᠭᠤᠯᠤᠭᠰᠠᠨ ᠲᠤᠭ᠎ᠠ | 806.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ | ᠶᠡᠷᠦᠩᠬᠡᠶ ᠬᠡᠮᠵᠢᠶ᠎ᠡ ᠶᠢᠨ ᠲᠠᠯ᠎ᠠ ᠠᠴᠠ ᠠᠪᠴᠤ ᠦᠵᠡᠪᠡᠯ᠂ ᠪᠠᠶᠠᠨᠨᠠᠭᠤᠷ ᠬᠤᠲᠠ᠂ ᠪᠤᠭᠤᠲᠤ ᠬᠤᠲᠠ᠂ ᠬᠥᠯᠥᠨ | ᠪᠤᠶᠢᠷ ᠬᠤᠲᠠ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠵᠤ᠂ ᠲᠣᠰ ᠲᠣᠰ 294.4 ᠳ᠋ᠦᠩᠰᠢᠭᠤᠷ | ᠲᠥᠭᠦᠷᠢᠭ᠂ 224.9 ᠳ᠋ᠦᠩᠰᠢᠭᠤᠷ ᠲᠥᠭᠦᠷᠢᠭ ᠪᠠ 184.3 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ | ᠨᠡᠮᠡᠭᠳᠡᠯ ᠤᠨ ᠬᠡᠮᠵᠢᠶ᠎ᠡ ᠠᠴᠠ ᠠᠪᠴᠦ ᠦᠵᠡᠪᠡᠯ᠂ ᠤᠯᠠᠭᠠᠨᠬᠠᠳᠠ ᠬᠤᠲᠠ᠂ ᠬᠥᠬᠡᠬᠤᠲᠠ᠂ ᠪᠤᠭᠤᠲᠤ ᠬᠤᠲᠠ ᠶᠢᠨ | ᠬᠤᠪᠢ ᠨᠡᠮᠡᠷᠢ ᠨᠡᠯᠢᠶᠡᠳ ᠶᠡᠭᠡ ᠪᠠᠶᠢᠵᠤ᠂ ᠲᠣᠰ ᠲᠣᠰ 39 ᠳ᠋ᠦᠩᠰᠢᠭᠤᠷ ᠲᠥᠭᠦᠷᠢᠭ᠂ 35 ᠳ᠋ᠦᠩᠰᠢᠭᠤᠷ | ᠲᠥᠭᠦᠷᠢᠭ ᠪᠠ 30.8 ᠳ᠋ᠦᠩᠰᠢᠭᠤᠷ ᠲᠥᠭᠦᠷᠢᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ | ᠬᠢᠩᠭᠠᠨ ᠠᠶᠢᠮᠠᠭ᠂ ᠠᠯᠠᠱᠠ ᠠᠶᠢᠮᠠᠭ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠠᠶᠢᠵᠤ᠂ ᠲᠣᠰ ᠲᠣᠰ 283.6%᠂ 37.8%᠂ | 31% ᠪᠠᠷ ᠨᠡᠮᠡᠭᠳᠡᠪᠡ᠃ ︵ᠬᠤᠳᠠᠯᠳᠤᠭᠠᠨ ᠤ ᠶᠠᠪᠤᠳᠠᠯ ᠤᠨ ᠲᠢᠩᠬᠢᠮ︶ | | |