9 ᠰᠠᠷ᠎ᠠ ᠶᠢᠨ 24 ᠤ ᠡᠳᠤᠷ᠂ ᠠᠷᠤ ᠬᠤᠷᠴᠢᠨ ᠬᠤᠰᠢᠭᠤᠨ ᠤ ᠤᠯᠤᠰ ᠲᠥᠷᠤ ᠶᠢᠨ ᠵᠥᠪᠯᠡᠯᠭᠡᠨ | ᠴᠠᠩᠫᠢᠩ ᠲᠣᠭᠤᠷᠢᠭ ᠲᠤ ᠬᠦᠷᠴᠤ ᠰᠢᠨᠵᠢᠯᠠᠨ ᠪᠠᠶᠢᠴᠠᠭᠠᠵᠤ ᠰᠠᠨᠠᠯ ᠢᠶᠠᠨ ᠰᠤᠯᠢᠯᠴᠠᠪᠠ᠃ ᠴᠠᠩᠫᠢᠩ ᠲᠣᠭᠤᠷᠢᠭ ᠤᠨ | ᠤᠯᠤᠰ ᠲᠦᠷᠤ ᠶᠢᠨ ᠵᠥᠪᠯᠡᠯᠭᠡᠨ ᠤ ᠲᠡᠳ᠋ ᠨᠠᠷᠢᠨ ᠪᠢᠴᠢᠭ ᠤᠨ ᠳᠠᠷᠤᠭ᠎ᠠ᠂ ᠠᠵᠤ ᠠᠬᠤᠢ ᠰᠢᠨᠵᠢᠯᠡᠬᠦ ᠤᠬᠠᠭᠠᠨ | ᠮᠡᠷᠭᠡᠵᠢᠯ ᠤᠨ ᠵᠥᠪᠯᠡᠯ ᠤᠨ ᠡᠷᠬᠢᠯᠡᠭᠴᠢ ᠵᠤ᠋ ᠸᠧᠨ ᠵᠢᠶᠧ᠂ ᠴᠠᠩᠫᠢᠩ ᠲᠣᠭᠤᠷᠢᠭ ᠤᠨ ᠤᠯᠤᠰ ᠲᠦᠷᠦ ᠶᠢᠨ | ᠵᠦᠪᠯᠡᠯᠭᠡᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠬᠤᠳᠠᠯᠳᠤᠭᠠᠨ ᠤ ᠠᠵᠤ ᠠᠬᠤᠶᠢᠯᠠᠯ ᠤᠨ ᠬᠤᠯᠪᠣᠭᠠᠲᠤ | ᠬᠤᠷᠠᠯ ᠤᠨ ᠳᠠᠷᠤᠭ᠎ᠠ ᠰᠢᠶᠧ ᠪᠢᠩ ᠳ᠋ᠦ᠋᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠤᠨ ᠤ ᠲᠡᠳ᠋ ᠳᠠᠷᠤᠭ᠎ᠠ ᠶᠠᠩ ᠵᠢᠶᠧ᠂ ᠴᠠᠩᠫᠢᠩ ᠲᠣᠭᠤᠷᠢᠭ ᠪᠠ ᠠᠷᠤ ᠬᠤᠷᠴᠢᠨ | ᠬᠤᠰᠢᠭᠤᠨ ᠤ ᠭᠡᠰᠡᠭ ᠲᠠᠷᠢᠶᠠᠯᠠᠩ ᠮᠠᠯ ᠠᠵᠤ ᠠᠬᠤᠢ ᠶᠢᠨ ᠭᠡᠰᠢᠭᠦᠨ ᠠᠵᠤ ᠠᠬᠤᠶᠢᠯᠠᠯ ᠤᠨ ᠬᠠᠷᠢᠭᠤᠴᠠᠯᠭᠠᠳᠠᠨ | ᠰᠢᠨᠵᠢᠯᠠᠨ ᠪᠠᠶᠢᠴᠠᠭᠠᠬᠤ ᠳᠤ ᠣᠷᠤᠯᠴᠠᠵᠠᠢ᠃ | | | | ᠰᠢᠨᠵᠢᠯᠠᠨ ᠪᠠᠶᠢᠴᠠᠭᠠᠬᠤ ᠳᠤᠭᠤᠶᠢᠯᠠᠩ ᠤᠨ ᠬᠢᠨ ᠣᠷᠢᠳ ᠬᠤᠵᠢᠳ ᠲᠢᠶᠠᠨ ᠠᠨ ᠲᠠᠷᠢᠶᠠᠯᠠᠩ ᠤᠨ | ᠦᠢᠯᠡᠰ᠂ ᠰᠢᠶᠣᠣ ᠲᠠᠩ ᠱᠠᠨ ᠣᠳᠣ ᠦᠶ᠎ᠡ ᠶᠢᠨ ᠲᠠᠷᠢᠶᠡᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ | ᠦᠵᠡᠭᠦᠯᠬᠦ ᠬᠦᠷᠢᠶᠡᠯᠠᠩ ᠤᠨ ᠵᠡᠭᠦᠨ ᠲᠤᠭᠤᠷᠢᠭ᠂ ᠨᠠᠨ ᠬᠦᠸᠧ ᠬᠦᠯᠡᠮᠵᠢ᠂ ᠭᠡᠳᠣ ᠲᠡᠰ ᠤᠨ ᠤᠷᠭᠤᠮᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠶᠣᠤ ᠲᠠᠩ ᠱᠠᠨ ᠠᠮᠢᠲᠤ ᠪᠣᠳᠠᠰ ᠤᠨ ᠦᠷ᠎ᠡ | ᠪᠣᠶᠢᠵᠢᠭᠤᠯᠬᠤ ᠰᠠᠭᠤᠷᠢᠨ ᠳᠤ ᠬᠦᠷᠴᠤ᠂ ᠲᠠᠷᠢᠶᠡᠯᠠᠩ ᠤᠨ ᠢᠳᠡᠰᠢᠨ ᠨᠣᠭᠤᠭ᠎ᠠ ᠣᠶᠢᠯᠡᠳᠪᠤᠷᠢᠯᠠᠵᠤ | ᠪᠣᠯᠪᠠᠰᠤᠷᠠᠭᠤᠯᠬᠤ ᠪᠠ ᠪᠣᠷᠤᠯᠠᠭᠤᠯᠤᠭᠰᠠᠨ ᠪᠠᠶᠢᠳᠡᠯ᠂ ᠬᠦᠷᠢᠶᠡᠯᠠᠩ ᠲᠤᠭᠤᠷᠢᠭ ᠤᠨ ᠬᠥᠭᠵᠢᠯᠲᠠ ᠶᠢᠨ ᠬᠠᠷᠠᠯᠲᠠ᠂ | ᠣᠷᠣᠨ ᠪᠠᠶᠢᠷᠢ ᠶᠢᠨ ᠲᠣᠭᠲᠠᠭᠠᠯᠲᠠ᠂ ᠠᠵᠤ ᠣᠶᠢᠯᠠᠰ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ | ᠵᠢᠴᠢ ᠬᠦᠷᠢᠶᠡᠯᠠᠩ ᠲᠤᠭᠤᠷᠢᠭ ᠤᠨ ᠠᠳᠠᠯ ᠣᠶᠢᠯᠡᠰ ᠴᠣᠭᠴᠠᠯᠠᠬᠤ᠂ ᠶᠠᠳᠠᠭᠤ ᠶᠢ ᠲᠡᠳᠭᠦᠬᠦ᠂ ᠵᠢᠭᠤᠯᠴᠢᠯᠡᠯ ᠤᠨ | ᠲᠠᠯ᠎ᠠ ᠪᠠᠷ ᠬᠢ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠤᠨ ᠪᠠᠶᠢᠳᠠᠯ᠂ ᠵᠢᠮᠢᠰ ᠢᠳᠡᠰᠢᠨ ᠨᠣᠭᠤᠭ᠎ᠠ ᠶᠢᠨ | ᠲᠦᠷᠤᠯ ᠵᠦᠢᠯ ᠤᠨ ᠪᠠᠶᠢᠳᠠᠯ᠂ ᠠᠮᠢᠲᠤ ᠪᠤᠳᠠᠰ ᠤᠨ ᠡᠭᠦᠯᠲᠠᠷ ᠪᠣᠶᠢᠵᠢᠭᠤᠯᠬᠤ ᠰᠠᠭᠤᠷᠢᠨ ᠭᠠᠵᠠᠷ ᠤᠨ ᠰᠤᠳᠤᠯᠤᠨ | ᠨᠡᠬᠡᠭᠡᠬᠦ ᠴᠢᠭᠯᠡᠯ᠂ ᠠᠵᠤ ᠦᠢᠯᠡᠰ ᠤᠨ ᠪᠠᠶᠢᠷᠢᠯᠠᠭᠤᠯᠤᠯᠲᠠ᠂ ᠲᠠᠷᠢᠮᠠᠯ ᠤᠨ ᠶᠠᠰᠤ ᠴᠢᠨᠠᠷ ᠵᠡᠷᠭᠡ ᠪᠠᠶᠢᠳᠠᠯ ᠤᠨ | ᠲᠤᠭᠤᠷᠢᠨ ᠳᠤ ᠲᠤᠬᠠᠢ ᠶᠢᠨ ᠭᠠᠵᠠᠷ ᠲᠤᠨᠢ ᠰᠢᠨᠵᠢᠯᠠᠨ ᠪᠠᠶᠢᠴᠠᠭᠠᠪᠠ᠃ ᠰᠢᠨᠵᠢᠯᠠᠨ ᠪᠠᠶᠢᠴᠠᠭᠠᠬᠤ ᠳᠤᠭᠤᠶᠢᠯᠠᠩ ᠤᠨ | ᠬᠢᠨ ᠲᠤᠬᠠᠢ ᠶᠢᠨ ᠲᠠᠯᠠᠪᠠᠢ ᠳᠤ ᠬᠠᠷᠢᠭᠤᠴᠠᠯᠭᠠᠲᠠᠨ ᠤ ᠬᠠᠮᠢᠶ᠎ᠠ ᠪᠦᠬᠦᠢ ᠲᠠᠨᠢᠯᠴᠠᠭᠤᠯᠭ᠎ᠠ ᠶᠢ ᠰᠤᠨᠣᠰᠬᠤ ᠶᠢᠨ ᠬᠠᠮᠲᠤ | ᠬᠤᠶᠠᠷ ᠭᠠᠵᠠᠷ ᠤᠨ ᠲᠤᠬᠠᠢ ᠶᠢᠨ ᠭᠠᠵᠠᠷ ᠤᠨ ᠣᠨᠴᠠᠯᠢᠭᠲᠤ ᠲᠠᠷᠢᠶᠠᠯᠠᠩ ᠤᠨ ᠬᠥᠭᠵᠢᠯᠲᠡ᠂ ᠠᠵᠤ ᠦᠢᠯᠡᠰ ᠤᠨ | ᠠᠭᠤᠰᠤᠯᠴᠠᠨ ᠬᠥᠭᠵᠢᠬᠦ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠬᠦᠨᠵᠡᠭᠡᠢ ᠰᠤᠯᠢᠯᠴᠠᠨ ᠶᠠᠷᠢᠯᠴᠠᠪᠠ᠃ | | | | ᠴᠠᠩᠫᠢᠩ ᠲᠣᠭᠤᠷᠢᠭ ᠤᠨ ᠬᠦᠵᠡᠯᠵᠡᠭᠡᠨ᠎ᠡ ᠶᠢᠨ ᠦᠵᠡᠰᠭᠦᠯᠡᠩ ᠤᠨ ᠬᠦᠷᠢᠶᠡᠯᠡᠩ ᠳᠤ᠂ ᠴᠠᠩᠫᠢᠩ | ᠲᠣᠭᠤᠷᠢᠭ ᠤᠨ ᠤᠯᠤᠰ ᠲᠦᠷᠤ ᠶᠢᠨ ᠵᠦᠪᠯᠡᠯᠭᠡᠨ ᠤ ᠭᠡᠰᠢᠭᠦᠳ ᠠᠷᠤ ᠬᠤᠷᠴᠢᠨ ᠬᠤᠰᠢᠭᠤᠨ ᠤ ᠦᠵᠡᠭᠦᠯᠭᠡ ᠶᠢᠨ | ᠲᠣᠭᠤᠷᠢᠭ ᠲᠤ ᠢᠷᠡᠵᠤ᠂ ᠠᠷᠤ ᠬᠤᠷᠴᠢᠨ ᠬᠤᠰᠢᠭᠤᠨ ᠤ ᠲᠠᠷᠢᠶᠠᠯᠠᠩ ᠤᠨ ᠣᠨᠴᠠ ᠭᠠᠷᠤᠯᠲᠠ ᠶᠢᠨ ᠠᠵᠤ | ᠠᠬᠤᠶᠢᠯᠠᠯ ᠤᠨ ᠬᠠᠷᠢᠭᠤᠴᠠᠯᠭᠠᠳᠠᠨ ᠤ ᠲᠠᠨᠢᠯᠴᠠᠭᠤᠯᠭ᠎ᠠ ᠶᠢ ᠨᠠᠷᠢᠨ ᠰᠣᠨᠣᠰᠴᠤ᠂ ᠬᠤᠶᠠᠷ ᠲᠠᠯ᠎ᠠ ᠪᠠᠷ ᠢᠶᠠᠨ ᠪᠠᠰᠠ | ᠠᠵᠤ ᠠᠬᠤᠶᠢᠯᠠᠯ ᠢ ᠬᠡᠷᠬᠢᠨ ᠬᠥᠭᠵᠢᠭᠦᠯᠬᠦ ᠲᠤᠬᠠᠢ ᠰᠠᠨᠠᠯ ᠢᠶᠠᠨ ᠰᠤᠯᠢᠯᠴᠠᠪᠠ᠃ | | | | ᠰᠢᠨᠵᠢᠯᠠᠨ ᠪᠠᠶᠢᠴᠠᠭᠠᠬᠤ ᠲᠤᠭᠤᠶᠢᠯᠠᠩ ᠤᠨ ᠬᠢᠨ᠂ ᠴᠠᠩᠫᠢᠩ ᠠᠷᠤ ᠬᠤᠷᠴᠢᠨ ᠬᠤᠶᠠᠷ ᠭᠠᠵᠠᠷ ᠤᠨ | ᠤᠯᠤᠰ ᠲᠥᠷᠤ ᠶᠢᠨ ᠵᠥᠪᠯᠡᠯᠭᠡᠨ ᠤ ᠬᠢᠨ ᠢᠮᠠᠭᠲᠠ ᠨᠢᠭᠲᠠ ᠬᠠᠮᠲᠤᠷᠠᠯᠴᠠᠵᠤ᠂ ᠭᠦᠨ ᠵᠤᠵᠠᠭᠠᠨ ᠨᠥᠭᠦᠷᠯᠡᠯ ᠲᠠᠢ | ᠪᠠᠶᠢᠵᠤ᠂ ᠬᠡᠷᠡᠭᠴᠡᠭᠡ ᠱᠠᠭᠠᠷᠳᠠᠯᠭ᠎ᠠ ᠪᠣᠯᠣᠨ ᠴᠢᠳᠠᠮᠵᠢ ᠶᠢᠨ ᠬᠤᠣᠰ ᠬᠠᠷᠠᠯᠲᠠ ᠶᠢ ᠪᠠᠶᠠᠯᠡᠭᠦᠯᠬᠦ ᠪᠠᠷ ᠲᠠᠰᠤᠷᠠᠯᠲᠠ | ᠦᠭᠡᠢ ᠴᠢᠷᠮᠠᠶᠢᠭᠰᠠᠭᠠᠷ ᠢᠷᠠᠵᠠᠢ᠃ ᠬᠤᠶᠠᠷ ᠭᠠᠵᠠᠷ ᠤᠨ ᠬᠥᠭᠵᠢᠯᠲᠠ ᠶᠢ ᠤᠯᠠᠮ ᠴᠢᠨᠠᠭᠰᠢᠳᠠ ᠠᠬᠢᠭᠤᠯᠵᠤ᠂ | ᠬᠤᠶᠠᠷ ᠭᠠᠵᠠᠷ ᠤᠨ ᠤᠯᠤᠰ ᠲᠦᠷᠤ ᠶᠢᠨ ᠵᠥᠪᠯᠡᠯᠭᠡᠨ ᠤ ᠣᠯᠣᠯᠴᠠᠭ᠎ᠠ ᠬᠠᠷᠢᠯᠴᠠᠭ᠎ᠠ ᠶᠢ ᠴᠢᠩᠭᠠᠣᠡᠬᠠᠬᠤ ᠶᠢᠨ | ᠲᠦᠯᠥᠭᠡ᠂ ᠠᠷᠤ ᠬᠤᠷᠴᠢᠨ ᠬᠤᠰᠢᠭᠤᠨ ᠤ ᠤᠯᠤᠰ ᠲᠦᠷᠤ ᠶᠢᠨ ᠵᠥᠪᠯᠡᠯᠭᠡᠨ ᠰᠡᠳᠭᠢᠯ ᠢᠶᠠᠨ ᠨᠢᠭᠡᠳᠭᠡᠨ | ᠬᠦᠴᠣᠨ ᠢᠶᠠᠨ ᠬᠠᠮᠳᠤᠳᠬᠠᠵᠤ᠂ ᠴᠠᠩᠫᠢᠩ ᠤᠨ ᠤᠯᠤᠰ ᠲᠦᠷᠤ ᠶᠢᠨ ᠵᠥᠪᠯᠡᠯᠭᠡᠨ ᠲᠠᠢ ᠬᠠᠷᠢᠯᠴᠠᠨ ᠰᠣᠷᠤᠯᠴᠠᠵᠤ | ᠬᠠᠷᠢᠯᠴᠠᠨ ᠲᠤᠯᠢᠳᠠᠵᠤ᠂ ᠬᠤᠶᠠᠷ ᠭᠠᠵᠠᠷ ᠤᠨ ᠬᠥᠭᠵᠢᠯᠲᠠ ᠳᠤ ᠬᠠᠮᠳᠤᠪᠠᠷ ᠣᠶᠣᠨ ᠤᠬᠠᠭᠠᠨ ᠪᠣᠯᠣᠨ ᠬᠦᠴᠦᠨ | ᠴᠢᠳᠠᠯ ᠢᠶᠠᠨ ᠡᠷᠭᠦᠵᠦ᠂ ᠪᠡᠭᠡᠵᠢᠩ ᠥᠪᠣᠷ ᠮᠤᠩᠭᠤᠯ ᠤᠨ ᠬᠠᠮᠵᠢᠯᠴᠠᠭᠠᠨ ᠤ ᠠᠵᠢᠯ ᠳᠤ ᠨᠡᠩ ᠡᠯᠪᠡᠭ ᠪᠠᠶᠠᠯᠢᠭ | ᠦᠷ᠎ᠡ ᠪᠦᠲᠦᠭᠡᠯ ᠭᠠᠷᠭᠠᠨ᠎ᠠ ᠭᠡᠵᠦ ᠢᠯᠡᠳᠭᠡᠪᠡ᠃ ︵ᠵᠣᠣ ᠶᠠ ᠨᠠᠨ︶ |