︽ᠲᠡᠮᠦᠷ ᠬᠡᠦᠬᠡᠨᠴᠦᠳ︾ ᠤᠷᠠᠨ ᠰᠠᠶᠢᠬᠠᠨ ᠤ ᠲᠣᠭᠯᠠᠯᠲᠠ ᠪᠠᠷ ᠢᠶᠠᠨ  ︽ᠤᠯᠤᠰ ᠤᠨ ᠪᠠᠶᠠᠷ︾ ᠢ ᠪᠡᠯᠭᠡᠯᠡᠪᠡ
ᠨᠡᠶᠢᠲᠡᠯᠡᠭᠰᠡᠨ ᠴᠠᠭ᠄
2024/9/27
       ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠤᠭᠲᠤᠨ ᠪᠡᠯᠭᠡᠯᠡᠬᠦ ᠠᠷᠤ ᠬᠤᠷᠴᠢᠨ ᠬᠤᠰᠢᠭᠤᠨ ᠤ ︽ᠤᠮᠠᠷᠠᠲᠤ ᠶᠢᠨ ᠰᠣᠶᠣᠯ ᠢ ᠪᠠᠳᠠᠷᠠᠭᠤᠯᠵᠤ᠂ ᠪᠦᠯᠬᠦᠮᠳᠡᠯ ᠤᠨ ᠬᠦᠴᠦᠨ ᠢ ᠴᠣᠭᠴᠠᠯᠠᠶ᠎ᠠ︾ ᠤᠷᠠᠨ ᠰᠠᠶᠢᠬᠠᠨ ᠤ ᠰᠢᠷᠢᠰ ᠠᠵᠢᠯᠯᠠᠭᠠᠨ ᠢᠶᠠᠷ᠂ 9 ᠰᠠᠷ᠎ᠠ ᠶᠢᠨ 23 ᠤ ᠡᠳᠦᠷ᠂ ᠠᠷᠤ ᠬᠤᠷᠴᠢᠨ ᠬᠤᠰᠢᠭᠤᠨ ᠤ ︽ᠲᠠᠯ᠎ᠠ ᠨᠤᠲᠤᠭ ᠤᠨ ᠲᠡᠮᠦᠷ ᠬᠡᠦᠬᠡᠨᠴᠦᠳ︾ ᠤᠨ ᠤᠷᠠᠯᠢᠭ ᠤᠨ ᠪᠦᠯᠬᠦᠮ ᠨᠢ ᠴᠢᠪᠠᠭ᠎ᠠ ᠪᠠᠯᠭᠠᠰᠤ ᠶᠢᠨ ᠰᠢᠨ᠎ᠡ ᠬᠤᠲᠠ ᠲᠣᠭᠤᠷᠢᠭ ᠤᠨ ᠰᠣᠶᠣᠯ ᠤᠨ ᠠᠭᠤᠳᠠᠮ ᠲᠠᠯᠠᠪᠠᠢ ᠳᠤ ᠳᠠᠭᠤᠤ ᠪᠥᠵᠢᠭ᠂ ᠬᠤᠭᠤᠷ ᠬᠤᠯᠪᠣᠭ᠎ᠠ᠂ ᠰᠢᠯᠦᠭ ᠵᠡᠷᠭᠡ ᠤᠷᠠᠨ ᠰᠠᠶᠢᠬᠠᠨ ᠤ ᠲᠣᠭᠯᠠᠯᠲᠠ ᠪᠠᠷ ᠢᠶᠠᠨ ᠤᠯᠤᠰ ᠪᠠᠶᠢᠭᠤᠯᠤᠭᠳᠠᠭᠰᠠᠨ ᠪᠠᠶᠠᠷ ᠢ ᠤᠳᠬ᠎ᠠ ᠠᠭᠤᠯᠭ᠎ᠠ ᠲᠠᠢ ᠪᠡᠯᠭᠡᠯᠡᠭᠰᠡᠨ ᠪᠠᠶᠢᠨ᠎ᠠ᠃
       ᠲᠣᠭᠯᠠᠯᠲᠠ ᠨᠢ ︽ᠮᠠᠭᠲᠠᠭᠠᠯ ᠳᠠᠭᠤᠤ︾᠂ ︽ᠢᠷᠦᠭᠡᠯ︾ ᠵᠡᠷᠭᠡ ᠪᠠᠷ ᠲᠣᠭᠯᠠᠯᠲᠠ ᠶᠢᠨ ᠲᠤᠷᠠᠭᠠᠨ ᠬᠥᠰᠢᠭᠡ ᠪᠠᠨ ᠢᠷᠡᠵᠦ᠂  ︽ᠡᠬᠡ ᠤᠯᠤᠰ ᠢᠶᠠᠨ ᠮᠠᠭᠲᠠᠨ ᠳᠠᠭᠤᠯᠠᠶ᠎ᠠ︾᠂ ︽ᠨᠡᠶᠢᠭᠡᠮ ᠵᠢᠷᠤᠮ ᠰᠠᠶᠢᠬᠠᠨ︾ ᠭᠡᠬᠦ ᠳᠠᠭᠤᠤ ᠪᠠ ᠪᠥᠵᠢᠭ ᠢᠶᠠᠷ ᠡᠬᠡ ᠤᠯᠤᠰ ᠤᠨ ᠪᠦᠲᠦᠭᠡᠨ ᠪᠠᠶᠢᠭᠤᠯᠤᠯᠲᠠ᠂ ᠥᠷᠨᠢᠯ ᠬᠥᠭᠵᠢᠯ ᠢ ᠪᠠᠭ᠋ᠠᠳᠤᠨ ᠳᠠᠭᠤᠯᠠᠨ᠂ ᠪᠠᠭ᠋ᠠᠷᠬᠠᠨ ᠤᠶᠠᠩᠭᠠᠯᠠᠵᠤ᠂ ᠬᠤᠷᠠᠭᠰᠠᠨ ᠣᠯᠠᠨ ᠤ ᠰᠡᠳᠬᠢᠯ ᠢ ᠪᠠᠶᠠᠰᠬᠠᠨ᠂ ᠡᠯ᠎ᠡ ᠦᠨᠳᠦᠰᠦᠲᠡᠨ ᠤ ᠠᠷᠠᠳ ᠲᠦᠮᠡᠨ ᠤ ᠠᠭᠤᠤ ᠨᠠᠮ᠂ ᠡᠬᠡ ᠣᠷᠣᠨ᠂ ᠥᠯᠥᠭᠡᠶ ᠨᠤᠲᠤᠭ ᠲᠤ ᠪᠠᠨ ᠬᠠᠶᠢᠷᠠᠲᠠᠢ ᠪᠠᠶᠢᠬᠤ ᠣᠷᠭᠢᠯᠤᠮ᠎ᠠ ᠬᠠᠯᠠᠭᠤᠨ ᠰᠡᠳᠬᠢᠯᠭᠡ ᠶᠢ ᠨᠠᠩ      ᠬᠥᠭᠵᠢᠭᠡᠵᠡᠶ᠃
       ᠪᠢᠳᠡᠨ ᠤ ᠮᠡᠳᠡᠭᠡᠵᠢ ᠪᠠᠷ᠂ ᠠᠷᠤ ᠬᠤᠷᠴᠢᠨ ᠬᠤᠰᠢᠭᠤᠨ ᠤ ︽ᠲᠠᠯ᠎ᠠ ᠨᠤᠲᠤᠭ ᠤᠨ ᠲᠡᠮᠦᠷ ᠬᠡᠦᠬᠡᠨᠴᠦᠳ︾ ᠤᠨ ᠪᠦᠯᠬᠦᠮ ᠨᠢ ᠪᠠᠶᠢᠭᠤᠯᠤᠭᠳᠠᠭᠰᠠᠨ ᠠᠴᠠ ᠨᠠᠭᠠᠰᠢ᠂ ᠥᠩᠭᠡᠷᠡᠭᠰᠡᠨ ᠤ ᠬᠠᠲᠠᠨ ᠪᠠᠲᠤ᠂ ᠡᠷᠡᠰ ᠰᠢᠭᠤᠷᠬᠠᠶ ᠵᠣᠷᠢᠭ ᠰᠠᠨᠠᠭ᠎ᠠ ᠪᠠᠨ ᠦᠷᠭᠦᠯᠵᠢᠳᠡ ᠪᠠᠷᠢᠮᠲᠠᠯᠠᠵᠤ᠂ ᠥᠭᠭᠢᠶᠡᠮᠤᠷᠴᠢ ᠥᠷᠥᠪᠴᠢ ᠰᠡᠳᠬᠢᠯ ᠢ ᠡᠪᠦᠷᠯᠡᠨ᠂ ᠨᠡᠶᠢᠭᠡᠮ ᠨᠡᠶᠢᠲᠡ ᠳᠤ ᠲᠤᠰᠠᠲᠠᠶ ᠮᠠᠰᠢ ᠣᠯᠠᠨ ᠪᠤᠶᠠᠨᠰᠠᠭ ᠠᠵᠢᠯᠯᠠᠭ᠎ᠠ ᠥᠷᠨᠢᠭᠦᠯᠦᠭᠰᠡᠨ ᠮᠥᠷᠲᠡᠭᠡᠨ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠤᠨ᠂ ᠰᠢᠨ᠎ᠡ ᠬᠥᠳᠡᠭᠡ ᠲᠣᠰᠬᠤᠨ ᠤ ᠬᠥᠭᠵᠢᠯᠲᠡ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠵᠢᠳᠬᠦᠯ ᠢᠶᠠᠨ ᠡᠷᠭᠦᠵᠦ ᠢᠷᠡᠭᠰᠡᠨ ᠶᠤᠮ᠃ ᠲᠡᠷᠡᠴᠢᠯᠡᠨ᠂ ᠲᠤᠬᠠᠶ ᠶᠢᠨ ᠦᠶ᠎ᠡ ᠶᠢᠨ ᠲᠡᠮᠦᠷ ᠬᠡᠦᠬᠡᠨᠴᠦᠳ ᠤᠨ ᠭᠡᠷᠡᠯ ᠰᠠᠴᠤᠷᠠᠩᠭᠤᠶ ᠠᠵᠢᠯ ᠠᠮᠢᠳᠤᠷᠠᠯ ᠢ ᠲᠤᠰᠬᠠᠭᠰᠠᠨ ︽ᠠᠷᠤ ᠬᠤᠷᠴᠢᠨ ᠬᠤᠰᠢᠭᠤᠨ ᠤ ᠲᠠᠯ᠎ᠠ ᠨᠤᠲᠤᠭ ᠤᠨ ᠲᠡᠮᠦᠷ ᠬᠡᠦᠬᠡᠨᠴᠦᠳ ᠤᠨ ᠳᠤᠷᠠᠰᠤᠮᠵᠢ︾ ᠭᠡᠬᠦ ᠨᠣᠮ ᠪᠣᠯᠤᠨ ︽ᠬᠥᠬᠡ ᠳᠤᠷᠠᠰᠤᠮᠵᠢ︾ ᠭᠡᠬᠦ ᠪᠠᠷᠢᠮᠳᠠᠲᠤ ᠺᠢᠨᠣ᠋ ᠨᠢ᠂ ᠲᠡᠳᠡᠨᠦᠰ ᠤᠨ ᠪᠣᠳᠠᠲᠤ ᠦᠢᠯᠡ ᠠᠵᠢᠯᠯᠠᠭ᠎ᠠ᠂ ᠵᠣᠷᠢᠭ ᠰᠠᠨᠠᠭ᠎ᠠ ᠶᠢ ᠵᠠᠯᠠᠭᠤ ᠨᠢᠭᠡᠨ ᠦᠶ᠎ᠡ ᠶᠢᠨ  ᠬᠢᠨ ᠳᠤ ᠤᠬᠠᠭᠤᠯᠤᠨ ᠲᠠᠨᠢᠭᠤᠯᠬᠤ᠂ ᠥᠪᠯᠡᠨ ᠤᠯᠠᠮᠵᠢᠯᠠᠭᠤᠯᠬᠤ ᠦᠨ᠎ᠡ ᠥᠷᠲᠡᠭ ᠪᠦᠬᠦᠢ ᠪᠦᠲᠦᠭᠡᠯ ᠪᠣᠯᠤᠭᠰᠠᠨ      ᠪᠠᠶᠢᠨ᠎ᠠ᠃ ︵ᠰᠤᠶᠣᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号