9 ᠰᠠᠷ᠎ᠠ ᠶᠢᠨ 26 ᠤ ᠡᠳᠤᠷ᠂ ᠠᠷᠤ ᠬᠤᠷᠴᠢᠨ ᠬᠤᠰᠢᠭᠤ ᠲᠤᠮᠳᠠᠲᠤ ᠤᠯᠤᠰ ᠤᠨ ᠬᠡᠣᠬᠡᠣᠨ | ᠪᠠᠭᠠᠴᠤᠳ ᠤᠨ ᠰᠠᠭᠤᠷᠢ ᠮᠦᠩᠭᠦᠨ ᠤ ᠨᠡᠶᠢᠭᠡᠮᠯᠢᠭ ᠤᠨ ︽ᠨᠠᠷᠠᠨ ᠬᠤᠸᠠᠷ ᠲᠦᠯᠤᠪᠯᠡᠭᠡ︾ ᠶᠢᠨ ᠬᠠᠶᠢᠷ᠎ᠠ | ᠬᠠᠯᠠᠮᠵᠢᠲᠤ ᠨᠣᠮ ᠤᠨ ᠥᠷᠦᠭᠡ ᠶᠢᠨ ᠢᠯᠡᠷᠭᠡᠶᠢᠯᠡᠯ ᠰᠡᠭᠦᠬᠦ ᠶᠣᠰᠣᠯᠠᠯ ᠶᠠᠪᠤᠭᠤᠯᠪᠠ᠃ | | | | ᠶᠣᠰᠣᠯᠠᠯ ᠳᠤ᠂ ᠠᠷᠤ ᠬᠤᠷᠴᠢᠨ ᠬᠤᠰᠢᠭᠤᠨ ᠤ ᠡᠮᠡᠭᠳᠠᠶᠢᠴᠣᠣᠨ ᠤᠨ ᠬᠤᠯᠪᠣᠭᠠᠲᠤ ᠬᠤᠷᠠᠯ ᠪᠣᠯᠣᠨ ᠠᠷᠤ | ᠬᠤᠷᠴᠢᠨ ᠬᠤᠰᠢᠭᠤᠨ ᠤ ᠰᠤᠷᠭᠠᠨ ᠬᠦᠮᠤᠵᠢᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠳᠠᠨ ᠬᠠᠮᠲᠤ ᠪᠠᠷ ︽ | ᠨᠠᠷᠠᠨ ᠬᠤᠸᠠᠷ ᠲᠦᠯᠤᠪᠯᠡᠭᠡ︾ ᠶᠢᠨ ᠬᠠᠶᠢᠷ᠎ᠠ ᠬᠠᠯᠠᠮᠵᠢᠲᠤ ᠨᠣᠮ ᠤᠨ ᠦᠷᠥᠭᠡ ᠶᠢᠨ ᠢᠯᠡᠷᠭᠡᠶᠢᠯᠡᠯ ᠢ ᠰᠡᠭᠦᠵᠦ᠂ | ᠨᠣᠮ ᠤᠨ ᠦᠷᠥᠭᠡ ᠵᠢᠩᠭᠢᠨᠢ ᠪᠠᠷ ᠪᠠᠶᠢᠭᠤᠯᠤᠭᠳᠠᠵᠤ᠂ ᠪᠠᠭᠰᠢ ᠰᠣᠷᠣᠭᠴᠢᠳ ᠲᠤ ᠠᠰᠢᠭ ᠬᠦᠷᠳᠡᠭᠡᠬᠦ ᠰᠣᠶᠣᠯ ᠤᠨ | ᠢᠨᠵᠧᠨᠧᠷᠢᠩ ᠵᠢᠩᠭᠢᠨᠢ ᠪᠠᠷ ᠡᠬᠢᠯᠡᠭᠰᠡᠨ ᠪᠠᠶᠢᠨ᠎ᠠ᠃ | | | | ᠣᠶᠢᠯᠠᠭᠠᠡᠡᠰᠡᠨ ᠢᠶᠠᠷ᠂ ᠶᠠᠷᠤᠩᠬᠡᠢ ᠱᠦᠵᠢ ᠰᠢ ᠶᠢᠨ ᠫᠢᠩ ᠤᠨ ᠪᠥᠬᠦ ᠠᠷᠠᠳ ᠤᠨ ᠨᠣᠮ ᠤᠩᠰᠢᠯᠭ᠎ᠠ ᠪᠠ | ᠪᠢᠴᠢᠭ ᠤᠨ ᠰᠤᠷᠪᠤᠯᠵᠢᠳᠤ ᠨᠡᠶᠢᠭᠡᠮ ᠤᠨ ᠠᠬᠢᠭᠤᠯᠲᠠ ᠶᠢᠨ ᠲᠤᠬᠠᠢ ᠴᠢᠬᠤᠯᠠ ᠵᠢᠭᠠᠪᠤᠷᠢ ᠶᠢ ᠬᠦᠨᠵᠡᠭᠡᠢ | ᠲᠤᠭᠤᠰᠢᠯᠠᠭᠤᠯᠤᠨ ᠨᠡᠶᠢᠲᠡᠪᠤᠷᠢᠵᠢᠭᠤᠯᠵᠤ᠂ ︽ᠡᠮᠡᠭᠳᠡᠶᠢᠴᠤᠳ ᠬᠡᠤᠬᠡᠳ ᠪᠠᠭᠠᠴᠤᠳ ᠲᠤ ᠪᠤᠳᠠᠲᠤ ᠠᠵᠢᠯ ᠬᠢᠵᠤ | ᠲᠤᠰᠠᠯᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠬᠤ ᠶᠢ ᠠᠬᠢᠭᠤᠯᠵᠤ᠂ ᠬᠦᠳᠡᠭᠡ ᠲᠣᠰᠬᠤᠨ ᠤ | ᠬᠡᠣᠬᠡᠳ ᠪᠠᠭᠠᠴᠤᠳ᠂ ᠭᠡᠷ ᠲᠡᠭᠡᠨ ᠬᠤᠴᠣᠷᠤᠭᠰᠠᠨ ᠬᠡᠤᠬᠡᠳ ᠪᠠᠭᠠᠴᠤᠳ ᠤᠨ ᠨᠣᠮ ᠤᠩᠰᠢᠯᠭ᠎ᠠ ᠶᠢᠨ ᠣᠷᠴᠢᠨ | ᠨᠥᠭᠦᠴᠡᠯ ᠢ ᠢᠳᠡᠪᠬᠢᠲᠠᠢ ᠰᠠᠶᠢᠵᠢᠷᠠᠭᠤᠯᠬᠤ ᠶᠢᠨ ᠲᠦᠯᠥᠭᠡ᠂ ᠤᠯᠠᠭᠠᠡᠬᠠᠳᠠ ᠬᠤᠲᠠ ᠶᠢᠨ ᠡᠮᠡᠭᠳᠡᠶᠢᠴᠤᠳ ᠤᠨ | ᠬᠤᠯᠪᠣᠭᠠᠲᠤ ᠬᠤᠷᠠᠯ ᠪᠣᠯᠣᠨ ᠬᠤᠰᠢᠭᠤᠨ ᠡᠮᠡᠭᠳᠠᠶᠢᠴᠤᠳ ᠤᠨ ᠬᠤᠯᠪᠣᠭᠠᠲᠤ ᠬᠤᠷᠠᠯ ᠤᠨ ᠢᠳᠡᠪᠬᠢᠲᠠᠢ ᠴᠢᠷᠮᠠᠶᠢᠯᠭ᠎ᠠ | ᠲᠣᠣᠷ᠎ᠠ᠂ ᠲᠣᠮᠳᠡᠳᠤ ᠤᠯᠤᠰ ᠤᠨ ᠬᠡᠣᠬᠡᠣᠨ ᠪᠠᠭᠠᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ᠤᠨ ︽ᠨᠠᠷᠠᠨ | ᠬᠤᠸᠠᠷ ᠲᠦᠯᠥᠪᠯᠡᠭᠡ︾ ᠶᠢᠨ ᠬᠠᠶᠢᠷ᠎ᠠ ᠬᠠᠯᠠᠮᠵᠢᠳᠤ ᠨᠣᠮ ᠤᠨ ᠦᠷᠣᠭᠡ ᠶᠢᠨ ᠲᠥᠷᠤᠯ ᠵᠦᠢᠯ ᠠᠷᠤ ᠬᠤᠷᠴᠢᠨ | ᠬᠤᠰᠢᠭᠤᠨ ᠤ ᠴᠢᠪᠠᠭ᠎ᠠ ᠲᠥᠷᠪᠡᠳᠤᠭᠡᠷ ᠪᠠᠭ᠎ᠠ ᠰᠤᠷᠭᠠᠭᠤᠯᠢ ᠳᠤ ᠪᠠᠶᠢᠭᠤᠯᠤᠭᠳᠠᠪᠠ᠃ | | | | ᠳᠣᠮᠳᠠᠲᠤ ᠤᠯᠤᠰ ᠤᠨ ᠬᠡᠤᠬᠡᠳ ᠪᠠᠭᠠᠴᠤᠳ ᠤᠨ ᠰᠠᠭᠤᠷᠢ ᠮᠦᠩᠭᠦᠨ ᠤ ᠨᠡᠶᠢᠭᠡᠮᠯᠢᠭ ᠤᠨ ᠲᠣᠰ | ᠤᠳᠠᠭᠠᠨ ᠤ ᠴᠢᠪᠠᠭ᠎ᠠ ᠳᠥᠷᠪᠡᠳᠦᠭᠡᠷ ᠪᠠᠭ᠎ᠠ ᠰᠤᠷᠭᠠᠭᠤᠯᠢ ᠳᠤ ᠬᠠᠨᠳᠢᠪᠯᠡᠨ ᠪᠠᠶᠢᠭᠤᠯᠤᠭᠰᠠᠨ ︽ᠨᠠᠷᠠᠨ ᠬᠤᠸᠠᠷ | ᠲᠦᠯᠥᠪᠯᠡᠭᠡ︾ ᠶᠢᠨ ᠬᠠᠶᠢᠷ᠎ᠠ ᠬᠠᠯᠠᠮᠵᠢᠲᠤ ᠨᠣᠮ ᠤᠨ ᠥᠷᠥᠭᠡ ᠳᠤ ᠨᠡᠶᠢᠳᠠ 15 ᠲᠦᠮᠡᠨ ᠲᠦᠭᠦᠷᠢᠭ ᠤᠨ | ᠦᠷᠳᠡᠭ ᠪᠦᠬᠦᠢ 9040 ᠰᠢᠯᠢᠳᠡᠭ ᠨᠣᠮ ᠳᠣᠬᠢᠷᠠᠭᠤᠯᠤᠭᠰᠠᠨ ᠪᠥᠭᠡᠳ 6 ᠢᠵᠢ ᠨᠣᠮ ᠤᠨ ᠲᠠᠯᠪᠢᠭᠤᠷ᠂ 20 | ᠢᠵᠢ ᠰᠢᠷᠡᠭᠡ ᠰᠠᠨᠳᠠᠯᠢ ᠵᠡᠷᠭᠡ ᠲᠦᠭᠦᠭᠡᠷᠤᠮᠵᠢ ᠶᠢ ᠬᠠᠩᠭᠠᠭᠰᠠᠨ ᠪᠠᠶᠢᠨ᠎ᠠ᠃ ᠲᠣᠰ ᠨᠣᠮ ᠤᠨ ᠥᠷᠦᠭᠡ ᠨᠢ ᠥᠷᠭᠡᠨ | ᠤᠯᠠᠨ ᠪᠠᠭᠰᠢ ᠰᠣᠷᠣᠭᠴᠢᠳ ᠲᠤ ᠨᠡᠩ ᠲᠠᠭᠠᠯᠠᠮᠵᠢᠲᠡᠢ ᠨᠣᠮ ᠤᠩᠰᠢᠯᠭ᠎ᠠ ᠶᠢᠨ ᠣᠷᠴᠢᠨ ᠨᠦᠭᠦᠴᠡᠯ ᠢ | ᠪᠦᠷᠢᠯᠳᠤᠭᠦᠯᠣᠭ᠍ᠰᠡᠨ ᠢᠶᠠᠷ ᠪᠠᠷᠠᠬᠤ ᠦᠭᠡᠢ᠂ ᠨᠡᠩ ᠴᠤ ᠲᠣᠮᠳᠠᠲᠤ ᠤᠯᠤᠰ ᠤᠨ ᠬᠡᠣᠬᠡᠣᠨ ᠪᠠᠭᠠᠴᠤᠳ ᠤᠨ ᠰᠠᠭᠤᠷᠢ | ᠮᠦᠩᠭᠦᠨ ᠤ ᠨᠡᠶᠢᠭᠡᠮᠯᠢᠭ ᠤᠨ ᠮᠠᠨ ᠤ ᠬᠤᠰᠢᠭᠤᠨ ᠤ ᠦᠷᠭᠡᠨ ᠤᠯᠠᠨ ᠪᠠᠭᠠᠴᠤᠳ ᠬᠡᠣᠬᠡᠣᠨ ᠢ ᠬᠠᠯᠠᠮᠵᠢᠯᠠᠨ | ᠬᠠᠶᠢᠷᠠᠯᠠᠵᠤ ᠪᠠᠶᠢᠬᠤ ᠶᠢ ᠭᠦᠢᠴᠠᠳ ᠬᠠᠷᠠᠭᠤᠯᠵᠤ᠂ ᠮᠠᠨ ᠤ ᠬᠤᠰᠢᠭᠤᠨ ᠤ ᠪᠥᠬᠦ ᠠᠷᠠᠳ ᠤᠨ ᠨᠣᠮ ᠣᠩᠰᠢᠯᠭ᠎ᠠ ᠪᠠ | ᠪᠢᠴᠢᠭ ᠤᠨ ᠰᠤᠷᠪᠤᠯᠵᠢᠳᠤ ᠠᠷᠤ ᠬᠤᠷᠴᠢᠨ ᠤ ᠪᠦᠳᠦᠭᠡᠨ ᠪᠠᠶᠢᠭᠤᠯᠤᠯᠲᠠ ᠳᠤ ᠬᠦᠴᠣᠨ ᠨᠡᠮᠡᠷᠢᠯᠡᠭᠰᠡᠨ ᠪᠠᠶᠢᠨ᠎ᠠ᠃ |