ᠠᠷᠤ ᠬᠤᠷᠴᠢᠨ ᠬᠤᠰᠢᠭᠤ ︽ᠳᠤᠯᠠᠭᠠᠴᠠᠯᠭ᠎ᠠ ᠶᠢᠨ ᠢᠡᠵᠧᠨᠧᠷᠢᠩ︾ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠤᠯᠠᠨ ᠲᠦᠮᠡᠨ ᠢ ᠨᠠᠩ ᠲᠤᠯᠠᠭᠠᠴᠠᠭᠤᠯᠬᠤ ᠪᠡᠯᠡᠳᠭᠡᠯ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2024/9/27
       ︽ᠳᠤᠯᠠᠭᠠᠴᠠᠯᠭ᠎ᠠ ᠶᠢᠨ ᠢᠡᠵᠧᠨᠧᠷᠢᠩ︾ ᠪᠣᠯ ᠲᠦᠭ ᠲᠦᠮᠡᠨ ᠠᠶᠢᠯ ᠡᠷᠤᠭᠡ ᠶᠢᠨ ᠠᠮᠤᠷ ᠲᠠᠶᠢᠪᠤᠩ ᠠᠵᠤ ᠲᠦᠷᠦᠬᠦ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠡᠵᠧᠨᠧᠷᠢᠩ ᠪᠣᠯᠣᠨ᠎ᠠ᠃ ᠣᠶᠢᠷ᠎ᠠ ᠳᠤ᠂ ᠠᠷᠤ ᠬᠤᠷᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠳᠣᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠪᠠᠯᠭᠠᠰᠤᠨ ᠤ ᠢᠯᠴᠢ ᠬᠠᠩᠭᠠᠬᠤ ︽ᠳᠤᠯᠠᠭᠠᠴᠠᠯᠭ᠎ᠠ ᠶᠢᠨ ᠢᠡᠵᠧᠨᠧᠷᠢᠩ︾ ᠤᠨ ᠲᠦᠷᠤᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠳᠤᠲᠠᠭᠤᠳᠠᠯ ᠢᠶᠠᠨ ᠨᠥᠭᠦᠪᠦᠷᠢᠯᠠᠨ᠂ ᠪᠠᠭᠤᠷᠠᠢ ᠲᠠᠯ᠎ᠠ ᠪᠠᠨ  ᠬᠦᠴᠦᠷᠬᠡᠭᠵᠢᠭᠦᠯᠵᠦ᠂  ᠶᠠᠰᠤ  ᠴᠢᠨᠠᠷ  ᠢ  ᠳᠡᠭᠡᠭᠰᠢᠯᠡᠭᠦᠯᠦᠨ᠂ ︽ᠡᠪᠦᠯ ᠤᠨ ᠲᠤᠯᠠᠭᠠᠴᠠᠯᠭ᠎ᠠ︾ ᠶᠢ ᠢᠳᠡᠪᠬᠢᠲᠠᠢ ᠴᠤᠭᠴᠠᠯᠠᠵᠤ᠂ ᠣᠯᠠᠨ ᠲᠦᠮᠡᠨ ᠢ ᠨᠡᠩ ᠲᠤᠯᠠᠭᠠᠴᠠᠭᠤᠯᠬᠤ ᠪᠠᠷ ᠬᠦᠴᠦᠯᠠᠨ ᠴᠢᠷᠮᠠᠶᠢᠵᠤ᠂ ᠳᠤᠯᠠᠭᠠᠯᠭ᠎ᠠ ᠶᠢᠨ ᠪᠡᠯᠡᠳᠭᠡᠯ ᠠᠵᠢᠯ ᠢ ᠰᠠᠶᠢᠲᠤᠷ ᠬᠢᠪᠡ᠃
       ︽ᠲᠣᠯᠠᠭᠠᠴᠠᠯᠭ᠎ᠠ ᠶᠢᠨ ᠢᠡᠵᠧᠨᠧᠷᠢᠩ︾ ᠤᠨ ᠲᠦᠷᠣᠯ ᠵᠦᠢᠯ ᠨᠢ ᠠᠷᠠᠳ ᠤᠯᠠᠨ ᠤ ᠠᠮᠢᠳᠤᠷᠠᠯ ᠤᠨ ᠪᠤᠳᠠᠲᠠᠢ ᠬᠡᠷᠡᠭᠴᠡᠭᠡ ᠳᠤ ᠠᠩᠬᠠᠷᠤᠯ ᠢᠶᠠᠨ ᠲᠦᠪᠯᠡᠷᠡᠭᠦᠯᠵᠤ᠂ ᠠᠷᠠᠳ ᠤᠯᠠᠨ ᠤ ᠵᠤᠯ ᠵᠢᠷᠭᠠᠯᠲᠤ ᠲᠦᠷᠥᠭᠳᠡᠯ᠂ ᠬᠦᠷᠳᠡᠮᠵᠢ ᠶᠢᠨ ᠲᠦᠷᠥᠭᠳᠡᠯ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠲᠦᠭ ᠲᠦᠮᠡᠨ ᠠᠶᠢᠯ ᠡᠷᠤᠭᠡ ᠶᠢᠨ ᠳᠤᠯᠠᠭᠠᠯᠭ᠎ᠠ ᠶᠢᠨ ᠠᠰᠠᠭᠤᠳᠠᠯ ᠢ ᠲᠣᠶᠢᠯᠪᠤᠷᠢᠲᠠᠢ ᠰᠢᠢᠣᠡᠪᠣᠷᠢᠯᠡᠬᠦ ᠪᠠᠷ ᠵᠣᠷᠢᠯᠲᠠ ᠪᠠᠨ ᠪᠣᠯᠭᠠᠵᠤ᠂ ᠣᠳᠣᠬᠠᠨ ᠳᠤ ᠶᠠᠭ ︽ᠳᠤᠯᠠᠭᠠᠴᠠᠯᠭ᠎ᠠ ᠶᠢᠨ ᠢᠡᠵᠧᠨᠧᠷᠢᠩ︾ ᠤᠨ ᠲᠦᠷᠤᠯ ᠵᠦᠢᠯ ᠤᠨ ᠦᠭᠡᠷᠡᠴᠢᠯᠡᠯᠲᠡ ᠶᠢᠨ ᠵᠠᠩᠬᠢᠯᠠᠭ᠎ᠠ ᠶᠢᠨ ᠬᠤᠭᠤᠴᠠᠭᠠᠨ ᠳᠤ ᠣᠷᠣᠵᠤ᠂ ᠬᠤᠰᠢᠭᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠣᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠣᠯ ᠵᠦᠢᠯ ᠤᠨ ᠪᠦᠲᠣᠭᠡᠨ ᠪᠠᠶᠢᠭᠤᠯᠤᠯᠲᠠ ᠶᠢ ᠦᠨᠡᠨ ᠬᠦ ᠠᠬᠢᠭᠤᠯᠵᠤ᠂ ᠴᠠᠭ ᠢ ᠠᠮᠵᠢᠨ ᠠᠬᠢᠴᠠ ᠶᠢ ᠠᠣᠡᠬᠤᠨ᠂ ᠬᠠᠭᠤᠴᠢᠨ ᠰᠠᠭᠤᠭᠠᠯᠢ ᠲᠣᠭᠤᠷᠢᠭ ᠢ ᠲᠦᠪᠯᠡᠷᠡᠭᠦᠯᠣᠨ ᠦᠭᠡᠷᠡᠴᠢᠯᠡᠨ ᠵᠠᠰᠠᠵᠤ᠂ ᠤᠯᠠᠨ ᠲᠦᠮᠡᠨ ᠢ ᠬᠠᠯᠠᠭᠤᠨ ᠲᠤᠯᠠᠭᠠᠨ ᠡᠪᠦᠯᠵᠢᠭᠦᠯᠬᠦ ᠠᠵᠢᠯ ᠢ ᠰᠠᠶᠢᠲᠤᠷ ᠬᠢᠪᠠ᠃
       ᠣᠶᠢᠯᠠᠭᠠᠭᠰᠠᠨ ᠢᠶᠠᠷ᠂ ᠠᠷᠤ ᠬᠤᠷᠴᠢᠨ ᠬᠤᠰᠢᠭᠤ ︽ᠲᠤᠯᠠᠭᠠᠴᠠᠯᠭ᠎ᠠ ᠶᠢᠨ ᠢᠡᠵᠧᠨᠧᠷᠢᠩ︾ ᠤᠨ ᠲᠦᠷᠤᠯ ᠵᠦᠢᠯ ᠢ 7 ᠳ᠋ᠤᠭᠠᠷ ᠰᠠᠷ᠎ᠠ ᠶᠢᠨ ᠳᠤᠮᠳᠠᠴᠢ ᠠᠴᠠ ᠠᠵᠢᠯ ᠡᠬᠢᠯᠡᠭᠦᠯᠦᠨ᠂ ᠬᠠᠨ ᠠᠭᠤᠯᠠ ᠵᠡᠭᠡᠯᠢ ᠭᠤᠳᠣᠮᠵᠢ ᠶᠢᠨ ᠬᠠᠷᠢᠶ᠎ᠠ ᠣᠷᠣᠨ ᠤ ᠭᠠᠵᠠᠷ ᠳᠣᠣᠷᠠᠬᠢ ᠲᠠᠮᠵᠢᠭᠤᠯᠬᠤ ᠬᠤᠭᠤᠯᠠᠢ ᠶᠢᠨ ᠲᠣᠣᠷ ᠢ ᠦᠭᠡᠷᠡᠴᠢᠯᠡᠬᠦ ᠢᠡᠵᠧᠨᠧᠷᠢᠩ ᠤᠨ ᠪᠦᠳᠣᠭᠡᠨ ᠪᠠᠶᠢᠭᠤᠯᠤᠯᠲᠠ᠂ ᠣᠤ ᠮᠥᠷᠡᠨ ᠵᠡᠭᠡᠯᠢ ᠭᠤᠳᠣᠮᠵᠢ ᠶᠢᠨ ᠬᠠᠷᠢᠶ᠎ᠠ ᠣᠷᠣᠨ ᠤ ᠭᠠᠵᠠᠷ ᠳᠣᠣᠷᠠᠬᠢ ᠳᠠᠮᠵᠢᠭᠤᠯᠬᠤ ᠬᠤᠭᠤᠯᠠᠢ ᠶᠢᠨ ᠲᠣᠣᠷ ᠢ ᠦᠭᠡᠷᠡᠴᠢᠯᠡᠬᠦ ᠢᠡᠵᠧᠨᠧᠷᠢᠩ ᠤᠨ ᠪᠦᠳᠣᠭᠡᠨ ᠪᠠᠶᠢᠭᠤᠯᠤᠯᠲᠠ᠂ ᠢᠯᠴᠢ ᠶᠢᠨ ᠬᠦᠴᠣᠨ ᠤ ᠥᠷᠲᠡᠭᠡ ᠶᠢ ᠰᠢᠨᠡᠳᠭᠡᠨ ᠥᠭᠡᠷᠡᠴᠢᠯᠡᠬᠦ ᠵᠡᠷᠭᠡ ᠭᠤᠷᠪᠠᠨ ᠲᠦᠷᠤᠯ ᠵᠦᠢᠯ ᠳᠤ ᠬᠤᠯᠪᠣᠭᠳᠠᠵᠤ᠂ ᠨᠡᠶᠢᠳᠡ 63 ᠰᠠᠭᠤᠭᠠᠯᠢ ᠠᠷᠠᠳ ᠤᠨ  ᠲᠣᠭᠤᠷᠢᠭ  ᠪᠠ  ᠬᠤᠳᠠᠯᠳᠤᠭᠠᠨ  ᠤ  ᠲᠢᠩᠬᠢᠮ᠂  152  ᠠᠰᠠᠷ᠂ 6972 ᠰᠠᠭᠤᠭᠠᠯᠢ ᠡᠷᠦᠭᠡ ᠶᠢ ᠬᠠᠮᠤᠷᠴᠤ᠂ 52 . 76 ᠲᠦᠮᠡᠨ ᠲᠡᠭᠰᠢ ᠳᠥᠷᠪᠡᠯᠵᠢᠨ ᠮᠧᠲᠷ ᠲᠡᠯᠡᠪᠡᠢ ᠪᠦᠬᠦᠢ ᠬᠡᠰᠡᠭ ᠤᠨ ᠢᠯᠴᠢ ᠬᠠᠩᠭᠠᠯᠲᠠ ᠶᠢ ᠰᠠᠶᠢᠵᠢᠷᠠᠭᠤᠯᠤᠭᠰᠠᠨ ᠪᠥᠭᠡᠳ 20 ᠢᠯᠴᠢ ᠰᠣᠯᠢᠬᠤ ᠳᠤᠯᠠᠭᠠᠯᠭ᠎ᠠ ᠶᠢᠨ ᠥᠷᠳᠡᠭᠡ ᠶᠢ ᠰᠢᠨᠡᠣᠡᠭᠡᠨ ᠦᠭᠡᠷᠡᠴᠢᠯᠡᠪᠡ᠃
       ︽ᠳᠤᠯᠠᠭᠠᠴᠠᠯᠭ᠎ᠠ ᠶᠢᠨ ᠢᠡᠵᠧᠨᠧᠷᠢᠩ︾ ᠨᠢ ᠠᠷᠠᠳ ᠤᠨ ᠠᠮᠢᠳᠤᠷᠠᠯ ᠢ ᠠᠩᠬᠠᠷᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠠᠷᠭ᠎ᠠ ᠭᠡᠮᠵᠢᠶ᠎ᠠ ᠪᠣᠯᠤᠭᠰᠠᠨ ᠤ ᠬᠤᠪᠢ ᠳᠤ᠂ ᠲᠦᠭ ᠲᠦᠮᠡᠨ ᠠᠶᠢᠯ ᠡᠷᠤᠭᠡ ᠶᠢᠨ ᠬᠦᠰᠡᠯ ᠡᠷᠡᠮᠡᠯᠵᠡᠯ ᠢ ᠠᠴᠢᠶᠠᠯᠡᠵᠦ ᠪᠠᠶᠢᠳᠠᠭ᠃ ᠬᠤᠰᠢᠭᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠢᠮᠠᠭᠲᠠ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠤᠯᠠᠨ ᠲᠦᠮᠡᠨ ᠤ ᠪᠠᠴᠢᠮ ᠬᠦᠴᠢᠷᠳᠡᠯ ᠢ  ᠤᠨᠢᠯᠡᠵᠤ᠂ ︽ ᠲᠤᠯᠠᠭᠠᠴᠠᠯᠭ᠎ᠠ  ᠶᠢᠨ  ᠢᠡᠵᠧᠨᠧᠷᠢᠩ  ︾ ᠢ ᠠᠷᠠᠳ ᠤᠯᠠᠨ ᠤ ︽ᠨᠢᠳᠦᠨ ᠳᠤ ᠦᠵᠡᠭᠳᠡᠵᠤ᠂ ᠭᠠᠷ ᠲᠤ ᠪᠠᠷᠢᠭᠳᠠᠮ᠎ᠠ︾ ᠰᠡᠳᠭᠢᠯ ᠢ ᠲᠤᠯᠠᠭᠠᠴᠠᠭᠤᠯᠬᠤ ᠢᠨᠵᠧᠨᠧᠷᠢᠩ ᠪᠣᠯᠭᠠᠨ ᠪᠦᠲᠤᠭᠡᠨ ᠪᠠᠶᠢᠭᠤᠯᠬᠤ ᠶᠢ ᠪᠠᠷᠢᠮᠲᠠᠯᠠᠨ᠂ ᠣᠯᠠᠨ ᠲᠦᠮᠡᠨ ᠤ ᠬᠦᠷᠳᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ  ᠲᠦᠪᠰᠢᠨ  ᠤ  ᠲᠥᠷᠥᠭᠳᠡᠯ  ᠢ  ᠦᠨᠡᠨ  ᠬᠦ  ᠨᠡᠮᠡᠭᠳᠡᠭᠦᠯᠪᠡ᠃ ︵ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号