9 ᠰᠠᠷ᠎ᠠ ᠶᠢᠨ 25 ᠤ ᠡᠳᠤᠷ ᠤᠨ ᠦᠳᠡ ᠶᠢᠨ ᠡᠮᠤᠨ᠎ᠠ᠂ ᠠᠷᠤ ᠬᠤᠷᠴᠢᠨ ᠬᠤᠰᠢᠭᠤᠨ ᠤ ᠵᠠᠰᠠᠭ ᠤᠨ | ᠤᠷᠳᠤᠨ ᠪᠠᠩᠬᠢ ᠠᠵᠤ ᠠᠬᠤᠶᠢᠯᠠᠯ ᠤᠨ ᠬᠠᠮᠳᠤᠷᠠᠯᠴᠠᠭᠠᠨ ᠤ ᠰᠢᠨ᠎ᠡ ᠶᠢ ᠡᠭᠦᠳᠬᠦ ᠠᠯᠠᠰᠢᠨ ᠦᠭᠡᠷ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠠ ᠳᠤ ᠬᠦᠴᠦᠨ ᠨᠡᠮᠡᠷᠢᠯᠡᠬᠦ ᠭᠡᠷ᠎ᠡ ᠲᠣᠭᠳᠠᠬᠤ ᠶᠣᠰᠣᠯᠠᠯ ᠤᠯᠠᠭᠠᠡᠬᠠᠳᠠ ᠳᠤ | ᠶᠠᠪᠤᠭᠳᠠᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠵᠠᠰᠠᠭ ᠤᠨ ᠤᠷᠳᠤᠨ ᠤ ᠳᠠᠷᠤᠭ᠎ᠠ | ᠴᠧᠨ ᠬᠤ᠋ ᠨᠠᠨ ᠶᠣᠰᠤᠯᠠᠯ ᠢ ᠡᠷᠬᠢᠯᠠᠵᠤ᠂ ᠳᠤᠮᠳᠠᠲᠤ ᠤᠯᠤᠰ ᠤᠨ ᠦᠢᠯᠡᠣᠡᠪᠣᠷᠢ ᠬᠤᠳᠠᠯᠳᠤᠭᠠᠨ ᠤ ᠪᠠᠩᠬᠢ ᠶᠢᠨ | ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠶᠢᠨ ᠣᠯᠠᠭᠠᠬᠠᠭᠲᠠ ᠳᠠᠬᠢ ᠬᠤᠪᠢᠶᠠᠷᠢ ᠪᠠᠩᠬᠢ ᠶᠢᠨ ᠳᠠᠷᠤᠭ᠎ᠠ ᠶᠢᠨ | ᠳᠤᠰᠠᠯᠠᠭᠴᠢ ᠵᠠᠩ ᠵᠢᠶᠠᠨ ᠸᠧᠢ᠂ ᠤᠯᠠᠭᠠᠬᠠᠭᠳᠠ ᠶᠢᠨ ᠾᠧᠩ ᠳ᠋ᠧ ᠳᠤᠮᠳᠠ ᠵᠢᠵᠢᠭ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠤᠩᠬᠡᠢ ᠳᠠᠭᠠᠭᠠᠮᠠᠯ ᠯᠢ ᠶᠦᠨ ᠪᠦᠸᠧ᠂ ᠯᠥᠩ | ᠵᠢᠶᠠᠩ ᠤᠨ ᠶᠤᠸᠠᠨ ᠱᠤᠸ᠋ᠩ ᠾᠧ ᠦᠭᠡᠷ ᠤᠨ ᠠᠵᠤ ᠣᠶᠢᠯᠡᠰ ᠤᠨ ᠬᠤᠪᠢ ᠣᠷᠤᠭᠤᠯᠤᠭᠰᠠᠨ ᠬᠢᠵᠠᠭᠠᠷᠲᠤ | ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠨ ᠽᠢ ᠪᠠᠢ᠂ ᠬᠤᠰᠢᠭᠤᠨ ᠵᠠᠰᠠᠭ ᠤᠨ ᠣᠷᠳᠤᠨ ᠤ ᠳᠡᠳ᠋ | ᠳᠠᠷᠤᠭ᠎ᠠ ᠮᠦ ᠭᠦᠸᠧ ᠳ᠋ᠦᠩ ᠶᠣᠰᠤᠯᠠᠯ ᠳᠤ ᠣᠷᠤᠯᠴᠠᠵᠠᠢ᠃ | | | | ᠶᠣᠰᠣᠯᠠᠯ ᠳᠡᠭᠡᠷ᠎ᠡ᠂ ᠵᠠᠩ ᠵᠢᠶᠠᠨ ᠸᠧᠢ ᠮᠦᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ | ᠳᠤ ᠦᠢᠯᠡᠴᠢᠯᠡᠭᠦᠯᠬᠦ ᠶᠢ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ | ᠲᠠᠯ᠎ᠠ ᠶᠢᠨ ᠮᠦᠩᠭᠦᠨ ᠭᠦᠢᠯᠭᠡᠭᠡᠨ ᠤ ᠲᠦᠷᠤ ᠶᠢᠨ ᠪᠣᠳᠣᠯᠭ᠎ᠠ ᠶᠢᠨ ᠪᠠᠶᠢᠳᠠᠯ ᠢ ᠲᠠᠨᠢᠯᠴᠠᠭᠤᠯᠵᠤ᠂ ᠯᠢᠨ ᠽᠢ ᠪᠠᠢ | ᠠᠵᠤ ᠠᠬᠤᠶᠢᠯᠠᠯ ᠤᠨ ᠬᠦᠭᠵᠢᠯᠲᠠ ᠵᠢᠴᠢ ᠬᠠᠮᠳᠤᠷᠠᠯᠴᠠᠭᠠᠨ ᠤ ᠲᠦᠷᠤᠯ ᠵᠦᠢᠯ ᠤᠨ ᠪᠠᠶᠢᠳᠠᠯ ᠢ ᠲᠠᠨᠢᠯᠴᠠᠭᠤᠯᠪᠠ᠃ | ᠬᠤᠷᠠᠯ ᠳᠤ ᠣᠷᠣᠯᠴᠠᠭᠰᠠᠳ ᠵᠠᠰᠠᠭ ᠤᠨ ᠤᠷᠳᠤᠨ ᠪᠠᠩᠭᠢ ᠠᠵᠤ ᠠᠬᠤᠶᠢᠯᠠᠯ ᠤᠨ ᠬᠠᠮᠳᠤᠷᠠᠯᠴᠠᠭᠠᠨ ᠤ ᠰᠢᠨ᠎ᠡ ᠶᠢ | ᠡᠭᠦᠳᠬᠦ ᠶᠢᠨ ᠲᠣᠭᠤᠷᠢᠨ ᠳᠤ ᠠᠯᠠᠰᠢᠨ ᠦᠭᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠠ ᠳᠤ ᠬᠦᠴᠤ | ᠨᠡᠮᠡᠷᠢᠯᠡᠬᠦ ᠲᠦᠷᠤᠯ ᠵᠦᠢᠯ ᠢ ᠨᠡᠶᠢᠲᠡᠪᠤᠷᠢᠵᠢᠭᠤᠯᠬᠤ ᠲᠤᠬᠠᠢ ᠰᠠᠨᠠᠯ ᠢᠶᠠᠨ ᠬᠦᠨᠵᠡᠭᠡᠢ ᠰᠤᠯᠢᠯᠴᠠᠬᠤ ᠶᠢᠨ ᠬᠠᠮᠲᠤ | ᠬᠠᠮᠲᠤᠷᠠᠯᠴᠠᠭᠠᠨ ᠤ ᠵᠦᠪᠯᠡᠯᠴᠡᠭᠡᠷ ᠲᠣᠬᠢᠷᠠᠯᠴᠠᠵᠠᠢ᠃ | | | | ᠴᠧᠨ ᠬᠤ᠋ ᠨᠠᠨ ᠲᠣᠰ ᠤᠳᠠᠭᠠᠨ ᠤ ᠵᠠᠰᠠᠭ ᠤᠨ ᠤᠷᠳᠤᠨ ᠪᠠᠩᠭᠢ ᠠᠵᠤ ᠠᠬᠤᠶᠢᠯᠠᠯ ᠤᠨ | ᠬᠠᠮᠳᠤᠷᠠᠯᠴᠠᠭᠠᠨ ᠤ ᠲᠦᠷᠤᠯ ᠵᠦᠢᠯ ᠳᠤ ᠠᠮᠵᠢᠯᠲᠠ ᠲᠠᠢ ᠪᠠᠷ ᠭᠡᠷ᠎ᠡ ᠲᠣᠡᠡᠳ᠋ᠬᠠᠰᠡᠨ ᠶᠠᠪᠤᠳᠠᠯ ᠪᠣᠯ ᠠᠷᠤ ᠬᠤᠷᠴᠢᠨ | ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠡᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠪᠥᠬᠦ ᠬᠤᠲᠠ ᠶᠢᠨ ᠠᠷᠠᠳ ᠤᠨ ᠡᠵᠡᠩᠨᠡᠯᠲᠠ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠠ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠡᠶᠢᠲᠠᠪᠤᠷᠢᠵᠢᠭᠤᠯᠤᠭᠰᠠᠨ ᠪᠣᠳᠠᠲᠠᠢ ᠦᠢᠯᠡᠳᠣᠯᠭᠡ ᠪᠣᠯᠣᠨ᠎ᠠ ᠭᠡᠵᠤ ᠵᠢᠭᠠᠵᠤ ᠭᠠᠷᠭᠠᠬᠤ ᠶᠢᠨ ᠬᠠᠮᠲᠤ | ᠰᠢᠨ᠎ᠡ ᠶᠢ ᠡᠭᠦᠳᠬᠦ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠠᠯᠠᠰᠢᠨ ᠦᠭᠡᠷ ᠤᠨ ᠡᠭᠦᠯᠲᠡᠷ ᠢ | ᠰᠠᠶᠢᠵᠢᠷᠠᠭᠤᠯᠬᠤ᠂ ᠬᠡᠪᠴᠢᠶᠠᠵᠢᠭᠦᠯᠦᠨ ᠪᠤᠷᠳᠤᠬᠤ᠂ ᠨᠢᠳᠤᠯᠵᠤ ᠡᠳ᠋ᠰᠢᠬᠦᠯᠬᠦ ᠵᠡᠷᠭᠡ ᠪᠦᠬᠦ ᠠᠵᠤ ᠦᠢᠯᠡᠰ ᠤᠨ | ᠬᠡᠯᠬᠢᠶ᠎ᠡ ᠶᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠠᠬᠢᠭᠤᠯᠪᠠ︔ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ | ᠰᠢᠨ᠎ᠡ ᠶᠢ ᠡᠭᠦᠳᠬᠦ ᠲᠠᠯ᠎ᠠ ᠪᠠᠷ᠂ ᠪᠥᠬᠦ ᠣᠷᠣᠨ ᠤ ᠲᠦᠷᠦᠭᠦᠦ ᠪᠦᠯᠦᠭ ᠳᠡᠭᠡᠲᠦ ᠳᠡᠰ ᠤᠨ ᠠᠯᠠᠰᠢᠨ ᠦᠭᠡᠷ ᠤᠨ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠢᠳᠡᠭᠡᠮᠵᠢᠲᠤ ᠵᠢᠭᠡᠯᠡᠯᠭᠡ ᠶᠢᠨ ᠪᠡᠯᠡ ᠮᠦᠩᠬᠦ ᠶᠢ ᠠᠮᠵᠢᠯᠲᠠ ᠲᠠᠢ ᠪᠠᠷ | ᠣᠷᠣᠭᠤᠯᠬᠤ ᠶᠢ ᠪᠡᠶᠡᠯᠡᠭᠦᠯᠪᠠ︔ ᠬᠠᠮᠳᠤᠷᠠᠯᠴᠠᠭᠠᠨ ᠤ ᠲᠣᠭᠲᠠᠴᠠ ᠶᠢᠨ ᠰᠢᠨ᠎ᠠ ᠶᠢ ᠡᠭᠦᠳᠬᠦ ᠲᠠᠯ᠎ᠠ ᠪᠠᠷ᠂ ︽ | ᠬᠦᠳᠦᠴᠢ ᠠᠵᠤ ᠠᠬᠤᠶᠢᠯᠡᠯ + ᠮᠠᠯᠴᠢᠨ ᠲᠠᠷᠢᠶᠠᠴᠢᠨ ᠡᠷᠦᠭᠡ + ᠬᠤᠷᠰᠢᠶ᠎ᠡ + ᠮᠦᠩᠭᠦᠨ ᠬᠦᠢᠯᠭᠡᠭᠡᠨ ᠤ | ᠪᠠᠶᠢᠭᠤᠯᠤᠮᠵᠢ︾ ᠶᠢᠨ ᠠᠵᠤ ᠣᠶᠢᠯᠠᠰ ᠤᠨ ᠬᠥᠭᠵᠢᠯᠲᠠ ᠶᠢᠨ ᠵᠬᠠᠪᠣᠷ ᠢ ᠪᠠᠶᠢᠭᠤᠯᠵᠤ᠂ ᠳᠠᠷᠠᠭᠠᠴᠢ ᠶᠢᠨ | ᠠᠯᠬᠤᠮ ᠳᠤ᠂ ᠠᠷᠤ ᠬᠤᠷᠴᠢᠨ ᠬᠤᠰᠢᠭᠤᠨ ᠤ ᠬᠢᠨ ᠲᠦᠷᠤᠯ ᠵᠦᠢᠯ ᠤᠨ ᠭᠡᠷ᠎ᠡ ᠲᠣᠭᠳᠠᠬᠤ ᠪᠠᠷ ᠡᠬᠢᠯᠡᠯᠲᠠ | ᠪᠣᠯᠭᠠᠵᠤ᠂ ᠬᠠᠮᠤᠭ ᠤᠨ ᠦᠨᠡᠨᠴᠢ ᠰᠡᠣᠡᠬᠢᠯ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠲᠠᠯ᠎ᠠ ᠶᠢᠨ | ᠳᠠᠪᠠᠭᠤᠯᠢᠭ ᠢᠶᠠᠨ ᠬᠠᠷᠢᠯᠴᠠᠨ ᠨᠥᠭᠦᠪᠦᠷᠢᠯᠡᠬᠦ᠂ ᠡᠬᠢ ᠪᠠᠶᠠᠯᠢᠭ ᠢ ᠬᠠᠮᠳᠣᠪᠡᠷ ᠡᠳ᠋ᠯᠡᠬᠦ᠂ ᠬᠠᠮᠳᠤᠷᠠᠨ ᠠᠵᠢᠯᠯᠠᠵᠤ | ᠬᠠᠮᠳᠤᠪᠡᠷ ᠠᠰᠢᠭ ᠬᠦᠷᠳᠡᠬᠦ ᠶᠢ ᠠᠬᠢᠭᠤᠯᠵᠤ᠂ ᠲᠦᠷᠤᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠡᠡᠯᠠᠯᠳᠡ ᠳᠤ | ᠣᠷᠤᠭᠤᠯᠬᠤ ᠶᠢ ᠪᠠᠲᠤᠯᠠᠵᠤ᠂ ᠠᠷᠤ ᠬᠤᠷᠴᠢᠨ ᠬᠤᠰᠢᠭᠤᠨ ᠤ ᠣᠨᠴᠠᠯᠢᠭ ᠲᠠᠢ ᠰᠢᠨ᠎ᠡ ᠴᠢᠨᠠᠷ ᠤᠨ ᠦᠢᠯᠡᠣᠡᠪᠣᠷᠢᠯᠡᠯ | ᠤᠨ ᠬᠦᠴᠦᠨ ᠢ ᠲᠦᠷᠭᠡᠨ ᠪᠣᠢ ᠪᠣᠯᠭᠠᠬᠤ ᠳᠤ ᠬᠦᠴᠣᠨ ᠨᠡᠮᠡᠷᠢᠯᠡᠨ᠎ᠡ ᠭᠡᠵᠡᠢ᠃ ︵ᠯᠢ ᠬᠤᠸᠠᠨ ᠢᠣᠢ︶ | | | | | |