︽ᠤᠯᠠᠭᠠᠡᠬᠠᠳᠠ ᠶᠢᠨ ᠰᠠᠶᠢᠨ ᠡᠳ᠋ ᠢ ᠪᠡᠭᠡᠵᠢᠩ ᠳᠤ ᠣᠷᠣᠭᠤᠯᠬᠤ︾ ᠠᠷᠤ ᠬᠤᠷᠴᠢᠨ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠲᠤᠰᠬᠠᠢ ᠲᠡᠯᠠᠪᠤᠷ ᠤᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/27
       9 ᠰᠠᠷ᠎ᠠ ᠶᠢᠨ 26 ᠤ ᠡᠳᠦᠷ᠂ 2024 ᠣᠨ ᠤ ︽ᠤᠯᠠᠭᠠᠡᠬᠠᠳᠠ ᠶᠢᠨ ᠰᠠᠶᠢᠨ ᠡᠳ᠋ ᠢ ᠪᠡᠭᠡᠵᠢᠩ ᠳᠤ ᠣᠷᠣᠭᠤᠯᠬᠤ︾ ᠠᠷᠤ ᠬᠤᠷᠴᠢᠨ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠲᠤᠰᠬᠠᠢ ᠲᠠᠯᠠᠪᠤᠷ ᠤᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠤᠨ ᠦᠵᠡᠰᠭᠦᠯᠠᠩ ᠤᠨ ᠣᠷᠳᠣᠨ ᠳᠤ ᠢᠳᠡ ᠭᠦᠭ  ᠲᠠᠢ ᠶᠠᠪᠤᠭᠳᠠᠪᠠ᠃ ᠴᠠᠩᠫᠢᠩ ᠲᠤᠭᠤᠷᠢᠭ ᠤᠨ ᠨᠠᠮ ᠤᠨ ᠬᠤᠷᠢᠶ᠎ᠠ ᠶᠢᠨ ᠲᠠᠷᠢᠶᠠᠯᠠᠩ ᠤᠨ ᠠᠵᠢᠯ ᠤᠨ ᠵᠥᠪᠯᠡᠯ ᠤᠨ ᠭᠡᠰᠢᠭᠦᠨ᠂ ᠴᠠᠩᠫᠢᠩ ᠲᠣᠭᠤᠷᠢᠭ ᠤᠨ ᠲᠠᠷᠢᠶᠠᠯᠠᠩ ᠬᠦᠳᠡᠭᠡ ᠲᠣᠰᠬᠤᠨ ᠤ ᠲᠣᠪᠴᠢᠶ᠎ᠠ ᠶᠢᠨ ᠲᠡᠳ᠋ ᠳᠠᠷᠤᠭ᠎ᠠ ᠯᠢ ᠸᠧᠢ ᠳ᠋ᠦᠩ᠂ ᠤᠯᠠᠭᠠᠡᠬᠠᠳᠠ ᠬᠤᠲᠠ ᠶᠢᠨ ᠬᠥᠳᠡᠭᠡ ᠳᠣᠰᠬᠤᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠶᠡᠷᠤᠩᠬᠡᠢ ᠳᠠᠭᠠᠭᠠᠮᠠᠯ ᠰᠦᠩ ᠸᠧᠢ ᠭᠠᠩ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠤᠸᠠᠨ ᠪᠢᠨ᠂ ᠶᠠᠩ ᠵᠢᠶᠧ᠂ ᠬᠤᠰᠢᠭᠤᠨ ᠳᠡᠳ᠋ ᠳᠠᠷᠤᠭ᠎ᠠ ᠮᠦ ᠭᠦᠸᠧ ᠳ᠋ᠦᠩ ᠠᠵᠢᠯᠯᠠᠭ᠎ᠠ ᠳᠤ ᠣᠷᠣᠯᠴᠠᠵᠠᠢ᠃
       ᠲᠠᠨᠢᠯᠴᠠᠭᠤᠯᠭ᠎ᠠ ᠶᠢᠨ ᠬᠤᠷᠠᠯ ᠨᠢ ︽ᠠᠵᠢᠨᠠᠢ ᠬᠦᠯᠥᠭ ᠲᠣᠪᠲᠤᠯᠤᠭᠰᠠᠨ ᠲᠠᠯ᠎ᠠ ᠨᠤᠳᠤᠭ︾ ᠭᠡᠬᠦ ᠮᠣᠷᠢᠨ ᠬᠤᠭᠤᠷ ᠤᠨ ᠨᠡᠶᠢᠷᠡᠯ ᠬᠥᠭᠵᠢᠮ ᠤᠨ ᠳᠤᠮᠳᠠ ᠬᠦᠰᠢᠭᠡ ᠪᠠᠨ ᠰᠡᠭᠦᠵᠦ᠂ ᠲᠤᠬᠠᠢ ᠶᠢᠨ ᠲᠠᠯᠠᠪᠤᠷ ᠲᠤ ︽ᠠᠷᠤ ᠬᠤᠷᠴᠢᠨ ᠬᠤᠰᠢᠭᠤᠨ ᠤ ᠠᠷᠢᠭᠤᠨ ᠲᠬᠠᠰᠢᠨ ᠪᠣᠬᠢᠷᠳᠤᠯ ᠦᠭᠡᠢ ᠠᠮᠳᠠᠲᠤ ᠢᠳᠡᠭᠡᠨ - ᠨᠡᠭᠦᠳᠡᠯ ᠮᠠᠯᠵᠢᠯ ᠤᠨ ᠲᠠᠯ᠎ᠠ ᠨᠤᠲᠤᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ︾ ᠭᠡᠬᠦ ᠤᠬᠠᠭᠤᠯᠭ᠎ᠠ ᠶᠢᠨ ᠹᠢᠯᠢᠮ ᠢ ᠨᠡᠪᠳᠡᠷᠡᠭᠦᠯᠵᠦ᠂ ᠪᠡᠭᠡᠵᠢᠩ ᠤᠨ ᠤᠯᠠᠨ ᠲᠦᠮᠡᠨ ᠳᠤ ᠠᠷᠤ ᠬᠤᠷᠴᠢᠨ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠢ ᠨᠡᠩ ᠢᠯᠡᠭᠦᠦ ᠦᠢᠯᠠᠭᠠᠭᠤᠯᠬᠤ ᠳᠤ ᠲᠣᠰᠡᠯᠡᠪᠡ᠃
       ᠬᠤᠤ ᠶᠤᠸᠠᠨ ᠠᠮᠤ ᠪᠤᠳᠠᠭᠠᠨ ᠤ ᠦᠢᠯᠡᠰ᠂ ᠨᠠᠮᠤᠷ ᠢᠳᠡᠭᠡᠨ ᠤ ᠵᠦᠶᠢᠯ᠂ ᠲᠠᠯᠢᠠᠬᠤᠸᠠ ᠾᠦᠢ ᠫᠸᠡᠭ ᠢᠳᠡᠭᠡᠨ᠂ ᠹᠦ᠋ ᠷᠦᠨ ᠳ᠋ᠦᠩ ᠹᠠᠩ᠂ ᠴᠢᠪᠠᠭ᠎ᠠ ᠠᠷᠢᠬᠢᠨ ᠤ ᠦᠢᠯᠡᠰ ᠵᠡᠷᠭᠡ ᠠᠵᠤ ᠠᠬᠤᠶᠢᠯᠠᠯ ᠤᠨ ᠲᠦᠯᠤᠭᠡᠯᠡᠭᠴᠢ ᠠᠷᠤ ᠬᠤᠷᠴᠢᠨ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠲᠤᠬᠠᠢ ᠶᠢᠨ ᠲᠠᠯᠠᠪᠤᠷ ᠲᠤ ᠲᠠᠨᠢᠯᠴᠠᠭᠤᠯᠵᠤ᠂ ᠠᠷᠤ ᠬᠤᠷᠴᠢᠨ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠷᠢᠳᠢ ᠰᠢᠳᠢ ᠶᠢ ᠬᠦᠢᠴᠠᠳ ᠢᠯᠡᠷᠡᠭᠦᠯᠵᠤ᠂ ᠠᠷᠤ ᠬᠤᠷᠴᠢᠨ ᠬᠤᠰᠢᠭᠤᠨ ᠤ ︽ᠠᠷᠢᠭᠤᠨ ᠲᠬᠠᠰᠢᠨ ᠪᠣᠬᠢᠷᠳᠣᠯ ᠦᠭᠡᠢ︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠨᠡᠷᠡᠲᠤ ᠲᠡᠮᠳᠡᠭᠲᠣ ᠶᠢᠨ ᠨᠡᠷ᠎ᠡ ᠠᠯᠳᠠᠷᠰᠢᠯ ᠪᠠ ᠨᠠᠷ᠎ᠡ ᠨᠦᠯᠥᠭᠡ ᠶᠢ ᠨᠡᠶᠢᠰᠯᠡᠯ ᠬᠤᠲᠠᠨ᠎ᠠ ᠳᠠᠭᠤᠷᠢᠰᠤᠭᠤᠯᠵᠠᠢ᠃
       ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠤᠳᠣᠷᠢᠳᠤᠯᠭ᠎ᠠ ᠪᠣᠯᠣᠨ ᠬᠦᠨᠳᠤᠲᠤ ᠵᠣᠴᠢᠳ ᠠᠷᠤ ᠬᠤᠷᠴᠢᠨ ᠬᠤᠰᠢᠭᠤᠨ ᠤ ᠪᠦᠳᠦᠭᠡᠭᠳᠡᠭᠦᠨ ᠤ ᠦᠵᠡᠭᠦᠯᠭᠡ ᠶᠢᠨ ᠲᠣᠭᠤᠷᠢᠭ ᠲᠤ  ᠣᠡᠴᠠᠯᠢᠡᠡᠳᠤ ᠪᠦᠳᠦᠭᠡᠭᠳᠡᠭᠦᠨ ᠢ ᠠᠮᠲᠠᠯᠠᠨ ᠣᠶᠢᠯᠠᠭᠠᠵᠤ᠂ ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠮᠠᠭᠲᠠᠨ ᠦᠨᠡᠯᠡᠪᠡ᠃
       ᠲᠤᠬᠠᠢ ᠶᠢᠨ ᠳᠡᠯᠡᠪᠡᠢ ᠶᠢᠨ ᠳᠡᠯᠭᠡᠨ ᠦᠵᠡᠭᠦᠯᠭᠡ ᠶᠢᠨ ᠲᠢᠩᠭᠢᠮ ᠳᠤ ᠳᠡᠯᠭᠡᠨ ᠦᠵᠡᠭᠦᠯᠣᠭ᠍ᠰᠡᠨ ᠨᠠᠷᠢᠮᠤ᠂ ᠦᠭᠡᠷ ᠬᠤᠨᠢᠨ ᠮᠢᠬ᠎ᠠ᠂ ᠬᠠᠳᠠᠭᠠᠡᠡᠰᠡᠨ ᠦᠭᠡᠷ ᠬᠤᠨᠢᠨ ᠮᠢᠬ᠎ᠠ᠂ ᠪᠣᠬᠢᠷᠳᠤᠯ ᠦᠭᠡᠢ ᠡᠯᠳᠡᠪ ᠠᠮᠤ᠂ ᠭᠡᠭᠡᠷ᠎ᠡ ᠶᠢᠨ ᠲᠢᠳᠢᠮ ᠵᠢᠮᠢᠰ ᠤᠨ ᠲᠣᠰᠣ᠂ ᠬᠠᠷ᠎ᠡ ᠠᠷᠢᠬᠢ᠂ ᠴᠠᠭᠠᠨ ᠢᠳᠡᠭᠡ ᠵᠡᠷᠭᠡ ᠰᠢᠯᠢᠳᠡᠭ ᠲᠠᠷᠢᠶᠡᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠨᠢ ᠮᠠᠰᠢ ᠣᠯᠠᠨ ᠬᠡᠷᠡᠭᠯᠩᠴᠢᠤᠨ ᠬᠤᠳᠠᠯᠳᠣᠭᠠᠴᠢᠨ ᠪᠣᠯᠣᠨ ᠬᠤᠲᠠ ᠶᠢᠨ ᠠᠷᠠᠳ ᠤᠨ ᠠᠩᠬᠠᠷᠣᠯ ᠢ ᠲᠡᠳᠡᠵᠤ᠂ ᠠᠵᠢᠯᠲᠠᠳ ᠥᠪᠡᠷ ᠥᠪᠡᠷ ᠤᠨ ᠪᠦᠲᠦᠭᠡᠭᠳᠡᠭᠦᠨ ᠢᠶᠠᠨ ᠲᠠᠨᠢᠯᠴᠠᠭᠤᠯᠵᠤ᠂ ᠠᠷᠤ ᠬᠤᠷᠴᠢᠨ ᠨᠤᠳᠤᠭ ᠤᠨ ᠲᠠᠷᠢᠶᠠᠯᠠᠩ ᠮᠠᠯ  ᠤᠨ  ᠠᠰᠢᠭ  ᠰᠢᠮ᠎ᠡ   ᠶᠢᠨ  ᠪᠦᠲᠣᠭᠡᠭᠳᠡᠭᠦᠨ  ᠤ  ᠣᠨᠴᠠᠯᠢᠭ  ᠢ  ᠭᠦᠢᠴᠡᠳ  ᠣᠶᠢᠯᠠᠭᠠᠭᠤᠯᠪᠠ  ᠃
       ᠠᠵᠢᠯᠯᠠᠭ᠎ᠠ ᠨᠢ ᠠᠬᠤᠢ ᠲᠠᠯᠠᠪᠠᠢ ᠶᠢᠨ ᠦᠵᠡᠭᠦᠯᠭᠡ ᠪᠠᠷ ᠳᠠᠮᠵᠢᠭᠤᠯᠤᠨ᠂ ᠠᠷᠤ ᠬᠤᠷᠴᠢᠨ ᠬᠤᠰᠢᠭᠤᠨ ᠤ ᠰᠢᠯᠢᠳᠡᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠨᠡᠶᠢᠰᠯᠡᠯ ᠤᠨ ᠬᠡᠷᠡᠭᠯᠡᠭᠴᠢᠳ ᠲᠤ ᠨᠡᠶᠢᠳᠡᠪᠤᠷᠢᠲᠠᠢ ᠠᠷᠭ᠎ᠠ ᠵᠠᠮ ᠢᠶᠠᠷ ᠲᠠᠨᠢᠯᠴᠠᠭᠤᠯᠤᠨ ᠣᠶᠢᠯᠠᠭᠠᠭᠤᠯᠵᠤ᠂ ᠠᠷᠤ ᠬᠤᠷᠴᠢᠨ ᠬᠤᠰᠢᠭᠤᠨ ᠤ ᠰᠠᠶᠢᠨ ᠡᠳ᠋ ᠢ ᠨᠡᠶᠢᠰᠯᠡᠯ ᠪᠡᠭᠡᠵᠢᠩ ᠳᠤ ᠠᠪᠴᠢᠷᠠᠨ᠂ ᠠᠷᠤ ᠬᠤᠷᠴᠢᠨ ᠬᠤᠰᠢᠭᠤᠨ ᠤ ᠨᠡᠩ ᠤᠯᠠᠨ ᠦᠨᠣᠷ ᠠᠮᠲᠠᠳᠠᠨ ᠢ ᠪᠦᠬᠦ ᠤᠯᠤᠰ ᠲᠤ ᠬᠦᠷᠭᠡᠬᠦ ᠶᠢ ᠵᠣᠷᠢᠭᠰᠠᠨ ᠶᠤᠮ᠃
       ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ 9 ᠰᠠᠷ᠎ᠠ ᠶᠢᠨ 25 ᠤ ᠡᠳᠤᠷ ᠠᠴᠠ 30 ᠤ ᠡᠳᠤᠷ ᠪᠣᠯᠲᠠᠯ᠎ᠠ ᠦᠷᠭᠦᠯᠵᠢᠯᠠᠨ ᠶᠠᠪᠤᠭᠲᠠᠬᠤ ᠪᠣᠯᠣᠨ᠎ᠠ᠃ ᠨᠢᠳᠤᠨᠣᠨ ᠤ ᠬᠢ ᠲᠠᠢ ᠬᠠᠷᠢᠴᠠᠭᠤᠯᠪᠠᠯ᠂ ᠡᠨᠡ ᠵᠢᠯ ᠤᠨ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ︽ᠥᠪᠣᠷ ᠮᠤᠩᠭᠤᠯ ᠤᠨ ᠪᠣᠬᠢᠷᠳᠤᠯ ᠦᠭᠡᠢ ᠠᠮᠳᠠᠲᠤ ᠢᠳᠡᠭᠡᠨ ᠢᠶᠠᠨ ᠬᠢᠵᠠᠭᠠᠷ ᠠᠴᠠ ᠪᠠᠨ ᠭᠠᠷᠭᠠᠬᠤ︾ ᠨᠠᠷᠠᠲᠤ ᠲᠦᠷᠤᠯ ᠲᠡᠮᠳᠡᠭᠲᠤ ᠶᠢ ᠪᠣᠢ ᠪᠣᠯᠭᠠᠬᠤ ᠶᠠᠷᠤᠩᠬᠡᠢ ᠱᠠᠭᠠᠷᠳᠠᠯᠭ᠎ᠠ ᠲᠠᠢ ᠤᠶᠠᠯᠳᠤᠭᠤᠯᠤᠨ᠂ ᠪᠠᠷᠢᠮᠵᠢᠶ᠎ᠠ ᠪᠠᠷ ᠨᠠᠩ ᠦᠨᠳᠤᠷ᠂ ᠶᠠᠰᠤ ᠴᠢᠨᠠᠷ ᠢᠶᠠᠷ ᠨᠠᠩ ᠰᠠᠶᠢᠨ᠂ ᠠᠭᠤᠯᠭ᠎ᠠ ᠪᠠᠷ ᠨᠡᠩ ᠪᠠᠶᠠᠯᠢᠭ ᠪᠠᠶᠢᠵᠤ᠂ ᠨᠢᠭᠡ ᠪᠦᠯᠦᠭ ︽ᠠᠩᠬᠠᠨ ᠤ  ᠲᠠᠷᠬᠠᠭᠠᠯᠳᠡ︾ ᠶᠢᠨ ᠦᠷ᠎ᠡ ᠪᠦᠲᠦᠭᠡᠯ ᠢ ᠭᠠᠷᠭᠠᠭᠰᠠᠨ ᠢᠶᠠᠷ ᠪᠠᠷᠠᠬᠤ ᠦᠭᠡᠢ᠂ ᠦᠵᠡᠭᠦᠯᠭᠡ ᠶᠢᠨ ᠪᠦᠲᠦᠭᠡᠭᠳᠡᠭᠦᠨ ᠤ ᠲᠦᠷᠤᠯ ᠵᠦᠢᠯ ᠪᠠ ᠬᠦᠷᠢᠶ᠎ᠡ ᠬᠡᠪᠴᠢᠶ᠎ᠡ  ᠶᠢ ᠴᠤ ᠪᠠᠶᠠᠯᠢᠭᠵᠢᠭᠤᠯᠤᠭᠰᠠᠨ ᠪᠠᠶᠢᠨ᠎ᠡ᠃ ᠡᠭᠦᠨ ᠳᠤ ᠪᠠᠰᠠ ᠰᠦᠯᠵᠢᠶᠠᠨ ᠤ ᠰᠢᠭᠤᠳ ᠨᠡᠪᠳᠡᠷᠡᠭᠦᠯᠭᠡ᠂ ᠮᠠᠯ ᠤᠨ ᠠᠰᠢᠭ ᠰᠢᠮ᠎ᠡ ᠲᠠᠷᠢᠶᠡᠯᠠᠩ ᠤᠨ ᠪᠦᠲᠦᠭᠡᠭᠳᠡᠭᠦᠨ ᠪᠣᠯᠣᠨ ᠰᠣᠶᠣᠯ ᠵᠤᠭᠠᠴᠠᠯ ᠤᠨ ᠡᠬᠢ ᠪᠠᠶᠠᠯᠢᠭ ᠤᠨ ᠳᠡᠯᠭᠡᠨ ᠪᠤᠷᠣᠯᠠᠭᠤᠯᠭ᠎ᠠ᠂ ︽ ᠤᠯᠠᠭᠠᠡᠬᠠᠳᠠ ᠶᠢᠨ ᠰᠠᠶᠢᠨ ᠡᠳ᠋ ᠤᠨ ᠵᠠᠬᠢᠶᠠᠯᠠᠭ᠎ᠠ ᠶᠢᠨ ᠴᠣᠡᠡᠯᠠᠭᠠᠨ︾᠂ ︽ᠤᠯᠠᠭᠠᠡᠬᠠᠳᠠ ᠶᠢᠨ ᠰᠠᠶᠢᠨ ᠡᠳ᠋ ᠢ ᠨᠡᠶᠢᠭᠡᠮ ᠳᠣᠭᠤᠷᠢᠭ ᠲᠤ ᠤᠷᠤᠭᠤᠯᠬᠤ︾᠂ ᠠᠷᠪᠠᠨ ᠬᠤᠶᠠᠷ ᠬᠤᠰᠢᠭᠤ ᠰᠢᠶᠠᠨ ᠲᠤᠭᠤᠷᠢᠭ ᠤᠨ ᠲᠤᠰᠬᠠᠢ ᠲᠠᠯᠠᠪᠤᠷ ᠤᠨ ᠲᠠᠨᠢᠯᠴᠠᠭᠤᠯᠭ᠎ᠠ ᠶᠢᠨ ᠴᠣᠡᠡᠯᠠᠭᠠᠨ ᠵᠡᠷᠭᠡ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ ᠶᠢᠨ ᠠᠵᠢᠯᠯᠠᠭ᠎ᠠ ᠪᠠᠷ ᠳᠠᠮᠵᠢᠭᠤᠯᠵᠤ᠂ ᠤᠯᠠᠭᠠᠬᠠᠭᠲᠠ ᠶᠢᠨ ᠮᠠᠯ ᠠᠵᠤ ᠠᠬᠤᠢ ᠲᠠᠷᠢᠶᠠᠯᠠᠩ ᠤᠨ ᠲᠦᠷᠤᠯ ᠲᠡᠮᠳᠡᠭ ᠢ ᠳᠡᠯᠭᠡᠷᠡᠭᠦᠯᠬᠦ᠂ ᠰᠣᠶᠣᠯ ᠵᠤᠭᠠᠴᠠᠯ ᠢ ᠠᠭᠤᠰᠤᠯᠴᠡᠠᠭᠤᠯᠤᠨ ᠬᠥᠭᠵᠢᠭᠦᠯᠬᠦ ᠵᠡᠷᠭᠡ ᠲᠠᠯ᠎ᠠ ᠪᠠᠷ ᠬᠢ ᠢᠳᠡᠪᠬᠢᠲᠡᠢ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠴᠢᠨᠠᠷ ᠰᠠᠶᠢᠲᠠᠢ ᠣᠨᠴᠡᠯᠢᠭ᠌ᠲᠤ ᠪᠦᠲᠦᠭᠡᠭᠳᠡᠭᠦᠨ ᠢ ᠲᠦᠭ ᠲᠦᠮᠡᠨ ᠠᠶᠢᠯ ᠡᠷᠦᠭᠡ ᠳᠤ ᠬᠦᠷᠭᠡᠵᠦ᠂ ᠪᠡᠭᠡᠵᠢᠩ ᠤᠯᠠᠭᠠᠡᠬᠠᠳᠠ ᠬᠤᠶᠠᠷ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠪᠣᠯᠣᠨ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠳᠤ ᠰᠢᠨ᠎ᠡ ᠠᠵᠠ ᠳᠣᠬᠢᠶᠠᠯ ᠣᠯᠭᠤᠵᠤ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠶᠤᠮ᠃ ︵ᠰᠠᠶᠢᠬᠠᠡᠬᠤᠸᠠᠷ᠂ ᠴᠠᠯᠮᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号