9 ᠰᠠᠷ᠎ᠠ ᠶᠢᠨ 27 ᠤ ᠡᠳᠤᠷ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠲᠠᠪᠤᠳᠤᠭᠠᠷ | ᠬᠤᠷᠠᠯᠳᠤᠭᠠᠨ ᠬᠤᠷᠠᠯᠳᠤᠵᠤ᠂ ᠠᠷᠤ ᠬᠤᠷᠴᠢᠨ ᠬᠤᠰᠢᠭᠤᠨ ᠤ ᠦᠨᠡᠨᠴᠢ ᠢᠳᠡᠭᠡᠮᠵᠢ ᠶᠢᠨ ᠪᠦᠳᠦᠭᠡᠨ | ᠪᠠᠶᠢᠭᠤᠯᠤᠯᠲᠡ ᠶᠢᠨ ᠢᠡᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠲᠣᠰᠬᠠᠢ ᠰᠡᠳᠤᠪ ᠢᠶᠠᠷ ᠠᠰᠠᠭᠤᠨ ᠯᠠᠪᠯᠠᠪᠠ᠃ | ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ | ᠬᠤᠩ ᠰᠢᠨ᠂ ᠳᠡᠳ᠋ ᠡᠷᠬᠢᠯᠡᠭᠴᠢ ᠬᠥᠭᠡᠪᠡᠷᠰ᠂ ᠴᠢᠨ ᠶᠤᠸᠠᠢ ᠬᠦᠸᠧ᠂ ᠵᠠᠩ ᠰᠢᠣᠢ ᠫᠧᠩ ᠵᠢᠴᠢ 22 ᠨᠡᠷ᠎ᠡ | ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠬᠤᠷᠠᠯ ᠳᠤ ᠤᠷᠣᠯᠴᠠᠵᠤ᠂ ᠬᠤᠰᠢᠭᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠰᠢᠭᠤᠨ ᠠᠷᠠᠳ ᠤᠨ ᠵᠠᠰᠠᠭ ᠤᠨ ᠤᠷᠳᠤᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠ | ᡁᠢ ᠬᠤᠩ᠂ ᠬᠤᠰᠢᠭᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠤ᠋ ᠰᠢᠣᠢ ᠭᠤᠸᠠᠩ᠂ ᠬᠤᠰᠢᠭᠤᠨ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠤᠤ ᠵᠢᠶᠧ ᠬᠤᠷᠠᠯ ᠳᠤ ᠰᠤᠯᠠ ᠣᠷᠣᠯᠴᠠᠪᠠ᠃ | | | | ᠵᠠᠩ ᠰᠢᠣᠢ ᠫᠸᠡᠭ ᠬᠤᠷᠠᠯ ᠢ ᠡᠷᠬᠢᠯᠡᠵᠦ᠂ ᠵᠢᠶᠠ ᡁᠢ ᠬᠤᠩ ᠬᠤᠰᠢᠭᠤᠨ ᠠᠷᠠᠳ ᠤᠨ ᠵᠠᠰᠠᠭ ᠤᠨ | ᠣᠷᠳᠣᠨ ᠢ ᠲᠦᠯᠥᠭᠡᠯᠡᠨ ︽ᠦᠨᠡᠨᠴᠢ ᠢᠳᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠡᠵᠧᠨᠧᠷᠢᠩ ᠤᠨ ᠠᠵᠢᠯ ᠢ | ᠦᠷᠨᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ ᠬᠢᠪᠡ᠃ | ᠲᠣᠰᠬᠠᠢ ᠰᠠᠲᠤᠪᠲᠤ ᠠᠰᠠᠭᠤᠨ ᠯᠠᠪᠯᠠᠯᠲᠠ ᠶᠢ ᠨᠢᠭᠡ ᠠᠰᠠᠭᠤᠪᠠᠯ ᠨᠢᠭᠡ ᠬᠠᠷᠢᠭᠤᠯᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠵᠤ᠂ ᠪᠠᠶᠢᠩᠭᠤ ᠶᠢᠨ ᠬᠤᠷᠢᠶᠠᠨ ᠤ 12 ᠪᠦᠷᠢᠯᠳᠤᠭᠦᠨ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ᠂ ᠬᠠᠤᠯᠢ ᠪᠠᠷᠢᠬᠤ ᠵᠢᠷᠤᠮᠵᠢᠭᠤᠯᠤᠯᠲᠠ ᠶᠢᠨ ᠪᠠᠶᠢᠭᠤᠯᠤᠯᠲᠠ᠂ ᠰᠤᠷᠭᠠᠨ ᠬᠦᠮᠤᠵᠢᠯ ᠤᠨ | ᠰᠢᠰᠲ᠋ᠧᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠵᠡᠷᠭᠡ ᠦᠨᠡᠨᠴᠢ ᠢᠳᠡᠭᠡᠮᠵᠢ ᠶᠢᠨ ᠪᠠᠶᠢᠭᠤᠯᠤᠯᠲᠠ ᠶᠢᠨ | ᠢᠡᠵᠧᠨᠧᠷᠢᠩ ᠢ ᠬᠡᠷᠡᠭᠵᠢᠭᠦᠯᠬᠦ ᠲᠦᠰᠣᠯ ᠤᠨ ᠭᠤᠣᠯᠳᠠᠯᠭ᠎ᠠ ᠲᠠᠢ ᠡᠭᠦᠷᠭᠡ ᠪᠠ ᠨᠡᠶᠢᠭᠡᠮ᠂ ᠤᠯᠠᠨ ᠲᠦᠮᠡᠨ ᠤ | ᠦᠨᠡᠨᠴᠢ ᠢᠳᠡᠭᠡᠮᠵᠢ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠲᠤᠰᠬᠠᠯ ᠶᠡᠬᠡᠲᠡᠢ ︽ᠪᠠᠴᠢᠮ ᠬᠦᠴᠢᠷ ᠲᠥᠪᠡᠭᠲᠡᠢ | ᠬᠦᠰᠡᠨ ᠱᠠᠭᠠᠷᠳᠠᠵᠤ ᠪᠠᠶᠢᠬᠤ︾ ᠠᠰᠠᠭᠤᠳᠠᠯ ᠤᠨ ᠲᠣᠭᠤᠷᠢᠨ ᠳᠤ ᠲᠤᠬᠠᠢ ᠶᠢᠨ ᠳᠠᠯᠠᠪᠤᠷ ᠲᠤ ᠠᠰᠠᠭᠤᠨ ᠯᠠᠪᠯᠠᠵᠤ᠂ | ᠠᠰᠠᠭᠤᠯᠲᠠ ᠶᠢ ᠬᠦᠯᠢᠶᠡᠬᠦ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠨ ᠠᠴᠠ ᠲᠤᠬᠠᠢ ᠶᠢᠨ ᠲᠠᠯᠠᠪᠤᠷ ᠲᠤ | ᠬᠠᠷᠢᠭᠤᠯᠲᠠ ᠦᠭᠪᠡ᠃ ᠬᠤᠷᠠᠯ ᠠᠴᠠ ᠨᠠᠷ᠎ᠡ ᠲᠠᠮᠳᠡᠭᠯᠡᠬᠦ ᠦᠭᠡᠢ ᠪᠠᠷ ᠪᠢᠯᠧᠲ ᠦᠭᠬᠦ ᠬᠡᠯᠪᠡᠷᠢ ᠪᠠᠷ ᠠᠰᠠᠭᠤᠯᠲᠠ ᠳᠤ | ᠬᠠᠷᠢᠭᠤᠯᠲᠠ ᠦᠭᠭᠦᠭᠰᠡᠨ ᠪᠠᠶᠢᠳᠠᠯ ᠳᠤ ᠬᠠᠨᠤᠮᠵᠢᠲᠠᠢ᠂ ᠦᠨᠳᠦᠰᠤᠨ ᠳᠡᠭᠡᠨ ᠬᠠᠨᠤᠮᠵᠢᠲᠠᠢ᠂ ᠬᠠᠨᠤᠮᠵᠢ ᠦᠭᠡᠢ ᠵᠡᠷᠭᠡ | ᠭᠤᠷᠪᠠᠨ ᠲᠠᠰ ᠬᠤᠪᠢᠶᠠᠵᠤ ᠬᠠᠨᠤᠮᠵᠢ ᠶᠢᠨ ᠬᠡᠮᠵᠢᠶ᠎ᠠ ᠶᠢ ᠬᠡᠮᠵᠢᠨ ᠲᠣᠭᠳᠠᠭᠠᠬᠤ ᠶᠢᠨ ᠬᠠᠮᠲᠤ ᠬᠡᠮᠵᠢᠨ | ᠲᠣᠡᠡᠳᠠᠭᠠᠡᠡᠰᠡᠨ ᠦᠷ᠎ᠡ ᠳ᠋ᠦᠩ ᠢ ᠲᠤᠬᠠᠢ ᠶᠢᠨ ᠲᠠᠯᠡᠪᠠᠢ ᠳᠤ ᠨᠡᠶᠢᠲᠡᠯᠠᠪᠠ᠃ | | | | ᠵᠢᠶᠠ ᡁᠢ ᠬᠤᠩ ᠤᠪᠣᠷ ᠢᠶᠠᠨ ᠢᠯᠡᠳᠭᠡᠬᠦ ᠳᠡᠭᠡᠨ᠂ ᠲᠣᠰ ᠤᠳᠠᠭᠠᠨ ᠤ ᠲᠣᠰᠬᠠᠢ ᠰᠡᠲᠤᠪ ᠢᠶᠠᠷ | ᠲᠦᠯᠥᠭᠡᠯᠡᠭᠴᠢᠳ ᠤᠨ ᠳᠤᠷᠠᠲᠤᠭᠰᠠᠨ ᠠᠰᠠᠭᠤᠯᠲᠠ ᠶᠢᠨ ᠲᠤᠬᠠᠢ ᠪᠠᠶᠢᠴᠠᠭᠠᠨ ᠰᠤᠳᠤᠯᠤᠯᠲᠠ ᠨᠢ ᠰᠢᠨᠵᠢᠯᠡᠬᠦ | ᠤᠬᠠᠭᠠᠨᠴᠢ ᠪᠠᠶᠢᠵᠤ᠂ ᠠᠷᠠᠳ ᠤᠨ ᠠᠮᠢᠳᠤᠷᠠᠯ ᠢ ᠠᠩᠬᠠᠷᠴᠤ ᠪᠠᠶᠢᠭ᠎ᠠ ᠨᠢ ᠬᠠᠨᠳᠤᠯᠭᠠᠲᠤ ᠴᠢᠨᠠᠷ ᠢᠶᠠᠷ ᠴᠢᠩᠭ᠎ᠠ | ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠣᠰ ᠤᠳᠠᠭᠠᠨ ᠤ | ᠲᠣᠰᠬᠠᠢ ᠰᠠᠲᠤᠪᠲᠤ ᠠᠰᠠᠭᠤᠨ ᠯᠠᠪᠯᠠᠯᠲᠠ ᠪᠠᠷ ᠠᠵᠠ ᠳᠣᠬᠢᠶᠠᠯ ᠪᠣᠯᠭᠠᠨ᠂ ᠵᠠᠰᠠᠭ ᠤᠨ ᠶᠠᠪᠤᠳᠠᠯ ᠤᠨ ᠦᠨᠡᠨᠴᠢ | ᠢᠳᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠳᠡᠭᠡᠮᠵᠢ᠂ ᠨᠡᠶᠢᠭᠡᠮ ᠤᠨ ᠦᠨᠡᠨᠴᠢ ᠢᠳᠡᠭᠡᠮᠵᠢ ᠪᠠ ᠬᠠᠤᠯᠢ | ᠴᠠᠭᠠᠵᠠ ᠶᠢᠨ ᠨᠡᠶᠢᠳᠠ ᠶᠢᠨ ᠢᠳᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠨᠢᠭᠡᠳᠦᠯᠲᠡᠢ | ᠲᠦᠯᠥᠪᠵᠢᠭᠦᠯᠵᠦ᠂ ᠦᠨᠡᠨᠴᠢ ᠢᠳᠡᠭᠡᠮᠵᠢ ᠶᠢᠨ ᠪᠦᠲᠦᠭᠡᠨ ᠪᠠᠶᠢᠭᠤᠯᠤᠯᠲᠡ ᠶᠢᠨ ᠢᠡᠵᠧᠨᠧᠷᠢᠩ ᠢ ᠰᠠᠭᠤᠷᠢ | ᠢᠡᠵᠧᠨᠧᠷᠢᠩ᠂ ᠠᠷᠠᠳ ᠤᠨ ᠰᠡᠳᠭᠢᠯ ᠤᠨ ᠢᠡᠵᠧᠨᠧᠷᠢᠩ᠂ ᠴᠢᠨᠠᠷ ᠰᠠᠶᠢᠲᠠᠢ ᠢᠡᠵᠧᠨᠧᠷᠢᠩ ᠪᠣᠯᠭᠠᠬᠤ ᠪᠠᠷ ᠴᠢᠷᠮᠠᠶᠢᠨ | ᠪᠠᠶᠢᠭᠤᠯᠵᠤ᠂ ᠠᠷᠤ ᠬᠤᠷᠴᠢᠨ ᠬᠤᠰᠢᠭᠤᠨ ᠤ ᠦᠨᠡᠨᠴᠢ ᠢᠳᠡᠭᠡᠮᠵᠢ ᠶᠢ ᠡᠷᠬᠢᠮᠯᠡᠬᠦ᠂ ᠦᠨᠡᠨᠴᠢ ᠢᠳᠡᠭᠡᠮᠵᠢ ᠲᠠᠢ | ᠪᠠᠶᠢᠬᠤ ᠵᠥᠪ ᠲᠠᠯ᠎ᠠ ᠶᠢᠨ ᠲᠦᠷᠢ ᠲᠦᠷᠬᠦ ᠶᠢ ᠪᠣᠢ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ | ᠦᠷᠭᠦᠯᠵᠢᠯᠡᠨ ᠰᠢᠯᠢᠳᠡᠭᠵᠢᠭᠦᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ | ᠳᠤ ᠬᠦᠴᠦᠨ ᠨᠡᠮᠡᠷᠢᠯᠡᠬᠦ ᠬᠡᠷᠡᠭᠲᠡᠢ ᠬᠡᠪᠡ᠃ | ᠬᠤᠷᠠᠯ ᠠᠴᠠ ᠱᠠᠭᠠᠷᠳᠠᠭᠰᠠᠨ ᠨᠢ᠂ ᠲᠤᠰᠬᠠᠢ ᠰᠡᠳᠦᠪ ᠢᠶᠠᠷ ᠯᠠᠪᠯᠠᠨ ᠠᠰᠠᠭᠤᠭᠰᠠᠨ ᠦᠷ᠎ᠡ ᠪᠦᠲᠦᠭᠡᠯ ᠤᠨ | ᠬᠡᠷᠡᠭᠯᠡᠯᠲᠡ ᠶᠢ ᠰᠠᠶᠢᠳᠣᠷ ᠠᠣᠡᠬᠤᠨ᠂ ᠮᠥᠷᠳᠡᠨ ᠬᠢᠨᠡᠯᠲᠡ ᠲᠠᠯᠪᠢᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠡᠨᠡᠬᠦ ᠬᠢᠨᠠᠯᠳᠡ ᠲᠠᠯᠪᠢᠬᠤ ᠠᠷᠭ᠎ᠠ ᠬᠡᠯᠪᠡᠷᠢ ᠶᠢ ᠦᠨᠡᠨ ᠬᠦ ᠦᠨᠡᠨᠴᠢ ᠢᠳᠡᠭᠡᠮᠵᠢ ᠶᠢᠨ ᠪᠦᠳᠤᠭᠡᠨ | ᠪᠠᠶᠢᠭᠤᠯᠤᠯᠲᠡ ᠶᠢᠨ ᠢᠡᠵᠧᠨᠧᠷᠢᠩ ᠤᠨ ᠬᠡᠷᠡᠭᠵᠢᠭᠦᠯᠤᠯᠳᠡ ᠶᠢ ᠳᠡᠮᠵᠢᠬᠦ ᠴᠢᠬᠤᠯᠠ ᠠᠷᠭ᠎ᠠ ᠵᠠᠮ ᠪᠣᠯᠭᠠᠵᠤ᠂ ᠦᠨᠡᠨᠴᠢ | ᠢᠳᠡᠭᠡᠮᠵᠢ ᠶᠢᠨ ᠪᠦᠲᠤᠭᠡᠨ ᠪᠠᠶᠢᠭᠤᠯᠤᠯᠲᠡ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠦᠯᠥᠭᠡᠯᠡᠵᠦ ᠪᠠᠶᠢᠭ᠎ᠠ | ᠭᠡᠮ ᠠᠷᠠᠬᠠᠭ ᠵᠢᠴᠢ ᠣᠯᠠᠨ ᠲᠦᠮᠡᠨ ᠤ ︽ᠪᠠᠴᠢᠮ ᠬᠦᠴᠢᠷ ᠲᠦᠪᠡᠭᠲᠡᠢ ᠬᠦᠰᠡᠨ ᠱᠠᠭᠠᠷᠳᠠᠵᠤ ᠪᠠᠶᠢᠬᠤ︾ | ᠠᠰᠠᠭᠤᠳᠠᠯ ᠢ ᠦᠨᠡᠨ ᠬᠦ ᠪᠦᠲᠤᠮᠵᠢᠲᠡᠢ ᠰᠢᠢᠣᠡᠪᠣᠷᠢᠯᠡᠬᠦ ᠬᠡᠷᠡᠭᠲᠡᠢ᠃ ᠬᠤᠰᠢᠭᠤᠨ ᠠᠷᠠᠳ ᠤᠨ ᠵᠠᠰᠠᠭ ᠤᠨ ᠤᠷᠳᠤᠨ | ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠣᠰ ᠤᠳᠠᠭᠠᠨ ᠤ ᠲᠣᠰᠬᠠᠢ ᠰᠡᠳᠣᠪᠳᠤ ᠠᠰᠠᠭᠤᠨ | ᠯᠠᠪᠯᠠᠯᠲᠠ ᠪᠠᠷ ᠠᠵᠠ ᠳᠣᠬᠢᠶᠠᠯ ᠪᠣᠯᠭᠠᠨ᠂ ᠨᠡᠩ ᠪᠣᠳᠠᠲᠠᠢ ᠠᠷᠭ᠎ᠠ ᠬᠡᠮᠵᠢᠶ᠎ᠡ ᠠᠪᠴᠤ᠂ ᠤᠯᠤᠰ ᠲᠦᠷᠤ ᠶᠢᠨ | ᠵᠣᠭᠰᠤᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠭᠦᠢᠴᠡᠭᠡᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠮᠠᠨ ᠤ ᠬᠤᠰᠢᠭᠤᠨ ᠤ ᠦᠨᠡᠨᠴᠢ ᠢᠳᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠰᠢᠨ᠎ᠡ | ᠳᠡᠭᠳᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃ | | | | ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ | ᠠᠵᠢᠯ ᠤᠨ ᠪᠠᠶᠢᠭᠤᠯᠤᠮᠵᠢ᠂ ᠬᠤᠰᠢᠭᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠪᠠᠶᠢᠭᠤᠯᠭ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ | ᠬᠠᠷᠢᠭᠤᠴᠠᠯᠭᠠᠲᠠᠨ᠂ ᠬᠤᠰᠢᠭᠤᠨ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠬᠥᠭᠵᠢᠭᠦᠯᠤᠯᠲᠡ ᠪᠠ | ᠦᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠰᠢᠭᠤᠨ ᠰᠢᠭᠤᠳ ᠬᠠᠷᠢᠶ᠎ᠠ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠬᠤᠰᠢᠭᠤᠨ ᠠᠷᠠᠳ ᠤᠨ ᠲᠦᠯᠥᠭᠡᠯᠡᠭᠴᠢ ᠪᠠ ᠥᠩᠭᠡᠷᠡᠭᠰᠡᠨ | ᠬᠤᠭᠤᠴᠠᠭᠠᠨ ᠤ ᠠᠷᠠᠳ ᠤᠨ ᠲᠦᠯᠥᠭᠡᠯᠡᠭᠴᠢ ᠬᠤᠷᠠᠯ ᠳᠤ ᠣᠷᠣᠯᠴᠠᠵᠠᠢ᠃ ︵ᠯᠢ ᠬᠤᠸᠠᠨ ᠢᠣᠢ᠂ ᠤᠷᠭᠤᠮᠠᠯ᠂ | ᠶᠢᠨ ᠵᠦ︶ |