ᠵᠢᠶᠠ ᡁᠢ ᠬᠤᠩ ᠭᠠᠯ ᠢ ᠰᠡᠷᠭᠡᠶᠢᠯᠡᠬᠦ ᠠᠵᠢᠯ ᠵᠢᠴᠢ ᠠᠶᠤᠯᠭᠦᠢ ᠦᠢᠯᠡᠳᠪᠤᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2024/9/29
       9 ᠰᠠᠷ᠎ᠠ ᠶᠢᠨ 28 ᠤ ᠦᠳᠡ ᠶᠢᠨ ᠡᠮᠤᠨ᠎ᠠ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠪᠠᠶᠢᠩᠭᠤ ᠶᠢᠨ ᠲᠡᠳ᠋ ᠳᠠᠷᠤᠭ᠎ᠠ ᠵᠢᠶᠠ ᡁᠢ ᠬᠤᠩ ᠭᠠᠯ ᠢ ᠰᠡᠷᠭᠡᠶᠢᠯᠡᠬᠦ ᠠᠵᠢᠯ ᠵᠢᠴᠢ ᠠᠶᠤᠯᠭᠦᠢ ᠦᠢᠯᠡᠳᠪᠤᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠪᠠ᠃ ᠬᠤᠰᠢᠭᠤᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠲᠠ ᠳᠤ ᠣᠷᠤᠯᠴᠠᠪᠠ᠃
       ᠵᠢᠶᠠ ᡁᠢ ᠬᠤᠩ ᠨᠠᠷ ᠤᠷᠢᠳ ᠬᠤᠵᠢᠳ ᠴᠢᠪᠠᠭ᠎ᠠ ᠨᠢᠭᠡᠳᠦᠭᠡᠷ ᠳᠤᠮᠳᠠᠲᠤ ᠰᠤᠷᠭᠠᠭᠤᠯᠢ᠂ ᠠᠷᠤ ᠬᠤᠷᠴᠢᠨ ᠬᠤᠰᠢᠭᠤᠨ ᠤ ᠬᠢᠲᠠᠳ ᠡᠮᠨᠠᠯᠭᠡ ᠶᠢᠨ ᠬᠤᠷᠢᠶ᠎ᠠ᠂ ᠠᠵᠤ ᠦᠢᠯᠡᠣᠡᠪᠣᠷᠢ ᠶᠢᠨ ᠬᠦᠷᠢᠶᠠᠯᠠᠩ ᠲᠤᠭᠤᠷᠢᠭ ᠤᠨ ᠪᠠᠷᠢᠮᠵᠢᠶᠠᠵᠢᠭᠤᠯᠤᠭᠰᠠᠨ ᠣᠶᠢᠯᠡᠳᠪᠤᠷᠢ ᠶᠢᠨ ᠭᠡᠷ ᠪᠠᠶᠢᠰᠢᠩ᠂ ᠪᠠᠢ ᠴᠧᠩ ᠽᠢ ᠣᠢ ᠰᠢᠭᠤᠢ ᠶᠢᠨ ᠲᠠᠯᠠᠪᠠᠢ ᠶᠢᠨ ᠬᠤᠰᠢᠭᠤᠴᠢ ᠠᠵᠢᠯ ᠤᠨ ᠲᠤᠭᠤᠷᠢᠭ ᠵᠡᠷᠭᠡ ᠭᠠᠵᠠᠷ ᠲᠤ ᠬᠦᠷᠴᠤ ᠪᠠᠶᠢᠴᠠᠭᠠᠨ ᠰᠤᠳᠤᠯᠤᠯᠲᠠ ᠬᠢᠵᠤ᠂ ᠰᠤᠷᠭᠠᠭᠤᠯᠢ ᠵᠢᠴᠢ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠢ ᠰᠡᠷᠭᠡᠶᠢᠯᠠᠵᠤ ᠭᠠᠯ ᠣᠨᠳᠠᠷᠠᠭᠠᠬᠤ ᠵᠢᠴᠢ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠲᠦᠬᠦᠭᠡᠷᠤᠮᠵᠢ ᠶᠢᠨ ᠬᠡᠷᠡᠭᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠦᠷᠢᠶᠡᠯᠠᠩ ᠲᠣᠭᠤᠷᠢᠭ ᠤᠨ ᠠᠶᠤᠯᠭᠦᠢ ᠦᠢᠯᠡᠳᠪᠤᠷᠢᠯᠡᠯ ᠤᠨ ᠠᠵᠢᠯ ᠳᠤ ᠰᠠᠨᠠᠯ ᠰᠠᠨᠠᠭᠤᠯᠭ᠎ᠠ ᠳᠤᠷᠠᠳᠪᠠ᠃
       ᠵᠢᠶᠠ ᡁᠢ ᠬᠤᠩ ᠴᠢᠬᠤᠯᠠᠴᠢᠯᠬᠠᠰᠡᠨ ᠨᠢ᠂ ᠠᠶᠤᠯᠭᠦᠢ ᠦᠢᠯᠡᠳᠪᠤᠷᠢᠯᠠᠯ ᠵᠢᠴᠢ ᠭᠠᠯ ᠢ ᠰᠡᠷᠭᠡᠶᠢᠯᠡᠵᠤ ᠭᠠᠯ ᠣᠨᠲᠠᠷᠠᠭᠠᠬᠤ ᠠᠮᠤᠷ ᠲᠦᠪᠰᠢᠨ ᠤ ᠠᠵᠢᠯ ᠤᠨ ᠲᠦᠢᠯ ᠤᠨ ᠴᠢᠬᠤᠯᠠ ᠴᠢᠨᠠᠷ ᠢ ᠬᠦᠢᠴᠡᠳ ᠲᠡᠨᠢᠵᠤ᠂ ᠠᠷᠠᠳ ᠲᠦᠮᠡᠨ ᠢ ᠲᠡᠭᠡᠳᠦᠯᠡᠬᠦ᠂ ᠠᠮᠢ ᠨᠠᠰᠤ ᠶᠢ ᠲᠡᠭᠡᠳᠦᠯᠡᠬᠦ ᠶᠢ ᠪᠠᠷᠢᠮᠳᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠵᠢᠵᠢᠭᠦᠷᠯᠠᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠭᠠᠯᠠᠨ ᠬᠦᠳᠡᠯᠤᠯᠴᠡᠬᠦ ᠶᠢ ᠴᠢᠩᠭ᠎ᠠ ᠨᠡᠶᠢᠳᠡᠪᠤᠷᠢᠵᠢᠭᠤᠯᠵᠤ᠂ ᠭᠡᠨᠡᠳᠲᠡ ᠶᠢᠨ ᠲᠦᠭᠰᠢᠭᠦᠷᠢᠳᠤ ᠪᠠᠶᠢᠳᠠᠯ ᠢ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠰᠢᠢᠣᠡᠪᠣᠷᠢᠯᠡᠬᠦ ᠬᠡᠷᠡᠭᠲᠡᠢ ᠭᠡᠪᠡ᠃ ᠲᠡᠷᠡ ᠪᠠᠰᠠ᠂ ᠣᠳᠣᠬᠠᠨ ᠳᠤ ᠮᠠᠨ ᠤ ᠬᠤᠰᠢᠭᠤ ᠨᠢᠭᠡᠨᠳᠡ ᠨᠠᠮᠤᠷ ᠤᠨ ᠤᠯᠠᠷᠢᠯ ᠤᠨ ᠭᠠᠯ ᠤᠨ ᠰᠡᠷᠭᠡᠶᠢᠯᠡᠯᠲᠡ ᠶᠢᠨ ᠤᠯᠠᠷᠢᠯ ᠳᠤ ᠣᠷᠤᠵᠤ᠂ ᠣᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠳᠤ ᠠᠭᠤᠷ ᠠᠮᠢᠰᠬᠤᠯ ᠬᠤᠪᠢᠷᠠᠯᠲᠠ ᠶᠡᠬᠡᠲᠠᠢ ᠪᠠᠶᠢᠳᠠᠯ ᠲᠤᠯᠭᠠᠷᠠᠵᠤ ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ︽ᠤᠷᠢᠳᠴᠢᠯᠡᠨ ᠰᠡᠷᠭᠡᠶᠢᠯᠡᠬᠦ ᠪᠠᠷ ᠭᠤᠣᠯ ᠪᠣᠯᠭᠠᠵᠤ᠂ ᠢᠳᠡᠪᠬᠢᠲᠡᠢ ᠤᠰᠠᠣᠡᠬᠠᠬᠤ︾ ᠴᠢᠭᠯᠡᠠᠯᠲᠠ ᠶᠢ ᠪᠠᠷᠢᠮᠳᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠲᠤᠲᠤᠷᠬᠠᠶᠢᠯᠠᠨ᠂ ᠠᠮᠤᠷ ᠲᠦᠪᠰᠢᠨ ᠤ ᠬᠤᠷᠢᠭ᠎ᠠ ᠱᠣᠭᠤᠮ ᠢ ᠪᠠᠲᠤ ᠰᠠᠬᠢᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠨ᠂ ᠠᠳᠠᠯ ᠤᠨ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ ᠪᠦᠲᠣᠮᠵᠢᠲᠡᠢ ᠬᠠᠮᠠᠭᠠᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃ ︵ᠯᠢ ᠬᠤᠸᠠᠨ ᠢᠣᠢ᠂ ᠰᠠᠷᠠᠨᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号