ᠵᠠᠮ ᠪᠢᠳᠡᠭᠦᠮᠵᠢᠯᠡᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2024/9/3
       ᠠᠷᠤ ᠬᠤᠷᠴᠢᠨ ᠬᠤᠰᠢᠭᠤᠨ ᠤ C013 ᠱᠣᠭᠤᠮ ᠤᠨ K2 + 996 - K7 + 000 ᠭᠡᠰᠡᠭ᠂ X197  ᠱᠤᠭᠤᠮ ᠤᠨ K5 + 000 — K8 + 657 ᠭᠡᠰᠡᠭ᠂  X195  ᠱᠤᠭᠤᠮ ᠤᠨ  K2 + 692 — K24+116 ᠬᠡᠰᠡᠭ᠂ X211 ᠱᠣᠭᠤᠮ ᠤᠨ K288 + 00 — K289 + 404 ᠬᠡᠰᠡᠭ᠂ Y202 ᠱᠣᠭᠤᠮ ᠤᠨ K5 + 78 — K11 + 288 ᠭᠡᠰᠡᠭ ᠵᠡᠷᠭᠡ ᠲᠡᠪᠦᠨ ᠵᠠᠮ ᠤᠨ ᠬᠡᠰᠡᠭ ᠢ ᠪᠢᠳᠡᠭᠦᠮᠵᠢᠯᠡᠵᠤ ᠠᠷᠠᠴᠢᠯᠠᠨ ᠬᠠᠮᠠᠭᠠᠯᠠᠬᠤ ᠠᠵᠢᠯ ᠦᠷᠨᠢᠭᠦᠯᠬᠦ ᠶᠢᠨ ᠤᠴᠢᠷ᠂ ᠨᠠᠭᠠᠰᠢ ᠴᠠᠭᠠᠰᠢ ᠦᠩᠭᠡᠷᠡᠨ ᠶᠠᠪᠤᠬᠤ ᠲᠡᠷᠭᠡ ᠬᠦᠰᠭᠡ ᠪᠠ ᠶᠠᠪᠠᠭᠠᠨ ᠬᠦᠮᠤᠨ ᠤ ᠠᠮᠤᠷ ᠲᠦᠪᠰᠢᠨ ᠵᠢᠴᠢ ᠪᠠᠷᠢᠯᠭ᠎ᠠ ᠶᠢᠨ ᠠᠵᠢᠯ ᠤᠨ ᠣᠷᠣᠭᠰᠢᠲᠠᠢ ᠶᠠᠪᠤᠭᠳᠠᠬᠤ ᠶᠢ ᠦᠨᠡᠡᠬᠦ ᠪᠠᠳᠤᠯᠠᠬᠤ ᠶᠢᠨ ᠲᠦᠯᠥᠭᠡ᠂ ︽ᠪᠦᠭᠦᠳᠡ ᠨᠡᠶᠢᠷᠠᠮᠳᠠᠬᠤ ᠲᠣᠮᠳᠡᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠲᠣᠡᠡᠳᠠᠭᠠᠯ ᠢ ᠦᠨᠳᠣᠰᠤᠯᠠᠨ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠵᠠᠮ ᠤᠨ ᠭᠡᠰᠡᠭ ᠢ ᠪᠢᠳᠡᠭᠦᠮᠵᠢᠯᠡᠨ ᠪᠠᠷᠢᠯᠭ᠎ᠠ ᠶᠢᠨ ᠠᠵᠢᠯ ᠦᠷᠨᠢᠭᠦᠯᠬᠦ ᠪᠠᠷ ᠲᠣᠡᠡᠳᠡᠪᠡ᠃ ᠤᠲᠣ ᠬᠤᠯᠪᠤᠬᠠᠡᠯ ᠪᠦᠭᠦᠢ ᠵᠦᠢᠯᠡᠰ ᠢ ᠲᠤᠣᠷᠠᠬᠢ ᠮᠡᠲᠤ ᠵᠠᠷᠯᠠᠨ ᠮᠡᠳᠡᠭᠳᠡᠶ᠎ᠡ᠄        ᠨᠢᠭᠡ᠂ ᠪᠢᠳᠡᠭᠦᠮᠵᠢᠯᠡᠨ ᠪᠠᠷᠢᠯᠭ᠎ᠠ ᠶᠢᠨ ᠠᠵᠢᠯ ᠦᠷᠨᠢᠭᠦᠯᠬᠦ ᠵᠠᠮ ᠤᠨ ᠭᠡᠰᠡᠭ᠄        ︵ᠨᠢᠭᠡ︶ C013 ᠱᠣᠭᠤᠮ ᠤᠨ K2 + 996 — K7 + 000 ᠬᠡᠰᠡᠭ ᠢ ᠪᠢᠳᠡᠭᠦᠮᠵᠢᠯᠡᠬᠦ ᠪᠣᠯᠬᠤᠷ᠂ ᠱᠤᠤ ᠭᠠᠴᠠᠭ᠎ᠠ ᠠᠴᠠ ᠠᠮᠢᠡᠡᠦ᠋ᠡᠳᠣᠷ ᠭᠠᠴᠠᠭ᠎ᠠ ᠬᠦᠷᠬᠦ ᠵᠠᠮ ᠤᠨ ᠬᠡᠰᠡᠭ ᠤᠨ ᠴᠢᠭᠯᠡᠯ ᠤᠨ ᠬᠢᠨ ᠤᠯᠤᠰ ᠤᠨ ᠵᠠᠮ ᠤᠨ 303 ᠱᠣᠭᠤᠮ ᠢᠶᠠᠷ ᠲᠣᠭᠤᠷᠢᠵᠤ ᠶᠠᠪᠤᠭᠠᠷᠠᠢ᠃        ︵ᠬᠤᠶᠠᠷ︶ X197 ᠱᠣᠭᠤᠮ ᠤᠨ K5 + 000 — K8 + 657 ᠬᠡᠰᠡᠭ ᠢ ᠪᠢᠳᠡᠭᠦᠮᠵᠢᠯᠡᠬᠦ ᠪᠣᠯᠬᠤᠷ᠂ ᠲᠠᠷᠬᠠᠨ ᠠᠴᠠ ᠵᠡᠭᠦᠨ ᠫᠠᠶᠢᠮᠣᠳᠤ ᠬᠦᠷᠬᠦ ᠵᠠᠮ ᠤᠨ ᠭᠡᠰᠡᠭ ᠤᠨ ᠴᠢᠭᠯᠡᠯ ᠤᠨ ᠬᠢᠨ C135 ᠱᠣᠭᠤᠮ ᠤᠨ ᠬᠠᠷᠠᠴᠢᠨ᠂ ᠠᠷᠤᠨᠠᠭᠤᠷ ᠢᠶᠠᠷ ᠲᠤᠭᠤᠷᠢᠵᠤ ᠶᠠᠪᠤᠭᠠᠷᠠᠢ︔        ︵ᠭᠤᠷᠪᠠ︶ X195 ᠱᠣᠭᠤᠮ ᠤᠨ K2 + 692 — K24 + 166 ᠭᠡᠰᠡᠭ ᠢ ᠪᠢᠳᠡᠭᠦᠮᠵᠢᠯᠡᠬᠦ ᠪᠣᠯᠬᠤᠷ᠂ ᠪᠠᠶᠠᠨᠬᠤᠰᠢᠭᠤ ᠭᠠᠴᠠᠭ᠎ᠠ ᠠᠴᠠ ᠤᠰᠤᠭᠬᠢ ᠬᠦᠷᠬᠦ ᠵᠠᠮ ᠤᠨ ᠬᠡᠰᠡᠭ ᠤᠨ ᠴᠢᠭᠯᠡᠯ ᠤᠨ ᠬᠢᠨ ᠮᠤᠵᠢ ᠶᠢᠨ ᠵᠠᠮ ᠤᠨ 210 ᠱᠣᠭᠤᠮ ᠢᠶᠠᠷ ᠲᠣᠭᠤᠷᠢᠵᠤ ᠶᠠᠪᠤᠭᠠᠷᠠᠢ︔        ︵ᠳᠥᠷᠪᠡ︶ X211 ᠱᠣᠭᠤᠮ ᠤᠨ K288 + 000 — K289 + 404 ᠭᠡᠰᠡᠭ ᠢ ᠪᠢᠳᠡᠭᠦᠮᠵᠢᠯᠡᠬᠦ ᠪᠣᠯᠬᠤᠷ᠂ ᠪᠠᠶᠠᠨᠨᠠᠭᠤᠷ ᠠᠴᠠ ᠪᠣᠷᠣᠡᠣᠰᠤ ᠬᠦᠷᠬᠦ ᠵᠠᠮ ᠤᠨ ᠭᠡᠰᠡᠭ ᠤᠨ ᠴᠢᠭᠯᠡᠯ ᠤᠨ ᠬᠢᠨ ᠮᠤᠵᠢ ᠶᠢᠨ ᠵᠠᠮ ᠤᠨ 210 ᠱᠣᠭᠤᠮ ᠢᠶᠠᠷ ᠲᠤᠭᠤᠷᠢᠵᠤ ᠶᠠᠪᠤᠭᠠᠷᠠᠢ        ︵ᠲᠠᠪᠤ︶ Y202 ᠱᠣᠭᠤᠮ ᠤᠨ ︽K5 + 783 — K11+ 288 ᠭᠡᠰᠡᠭ ᠢ ᠪᠢᠳᠡᠭᠦᠮᠵᠢᠯᠡᠬᠦ ᠪᠣᠯᠬᠤᠷ᠂ ᠰᠠᠨ ᠽᠦᠸᠧ ᠱᠠᠨ ᠲᠣᠰᠬᠤᠨ ᠠᠴᠠ ᠱᠤᠸᠠᠩ ᠵᠢᠩ ᠲᠣᠰᠬᠤᠨ ᠬᠦᠷᠬᠦ ᠵᠠᠮ ᠤᠨ ᠭᠡᠰᠡᠭ ᠤᠨ ᠴᠢᠭᠯᠡᠯ ᠤᠨ ᠬᠢᠨ X195 ᠱᠣᠭᠤᠮ ᠢᠶᠠᠷ ᠲᠣᠭᠤᠷᠢᠵᠤ ᠶᠠᠪᠣᠭᠠᠷᠠᠢ᠃        ᠬᠤᠶᠠᠷ᠂ ᠪᠢᠳᠡᠭᠦᠮᠵᠢᠯᠡᠬᠦ ᠴᠠᠭ ᠬᠤᠭᠤᠴᠠᠭ᠎ᠠ᠄ 2024 ᠣᠨ ᠤ 9 ᠰᠠᠷ᠎ᠠ ᠶᠢᠨ 2 ᠤᠨ ᠡᠳᠤᠷ ᠠᠴᠠ 2024 ᠣᠨ ᠤ 11 ᠰᠠᠷ᠎ᠠ ᠶᠢᠨ 30 ᠤ ᠡᠳᠤᠷ ᠪᠣᠯᠲᠠᠯ᠎ᠠ᠃        ᠭᠤᠷᠪᠠ᠂ ᠠᠩᠬᠠᠷᠬᠤ ᠵᠤᠶᠢᠯᠠᠰ᠄        ᠳᠡᠭᠡᠷ᠎ᠡ ᠳᠤᠷᠠᠳᠤᠭᠰᠠᠨ ᠵᠠᠮ ᠤᠨ ᠭᠡᠰᠡᠭ ᠢ ᠪᠢᠳᠡᠭᠦᠮᠵᠢᠯᠡᠬᠦ ᠬᠤᠭᠤᠴᠠᠭᠠᠨ ᠳᠤ᠂ ᠡᠭᠦᠪᠡᠷ ᠶᠠᠪᠤᠨ ᠦᠩᠭᠡᠷᠡᠬᠦ ᠲᠡᠷᠭᠡ ᠬᠦᠰᠭᠡ ᠪᠠ ᠶᠠᠪᠠᠭᠠᠨ ᠬᠦᠮᠣᠨ ᠵᠠᠮ ᠬᠠᠷᠢᠯᠴᠠᠭᠠᠨ ᠤ ᠢᠯᠡᠷᠬᠡᠶᠢᠯᠡᠯ ᠲᠠᠮᠳᠡᠭ ᠶᠣᠰᠤᠭᠠᠷ ᠶᠠᠪᠤᠵᠤ᠂ ᠠᠮᠤᠷ ᠲᠦᠪᠰᠢᠨ ᠢ ᠠᠩᠬᠠᠷᠬᠤ ᠬᠡᠷᠡᠭᠲᠡᠢ᠃ ᠪᠠᠷᠢᠯᠭ᠎ᠠ ᠶᠢᠨ ᠠᠵᠢᠯ ᠨᠢ ᠡᠷᠬᠢᠨ ᠲᠣᠭᠤᠷᠢᠨ ᠤ ᠤᠯᠠᠨ ᠲᠦᠮᠡᠨ ᠪᠠ ᠲᠡᠷᠭᠡ ᠬᠦᠰᠭᠡ ᠶᠢᠨ ᠠᠶᠠᠯᠠᠯ ᠳᠤ ᠲᠦᠭᠦᠮ ᠪᠤᠰᠤ ᠠᠪᠴᠢᠷᠠᠬᠤ ᠲᠤᠯᠠ ᠠᠭᠤᠴᠢᠯᠠᠯ ᠭᠤᠶᠣᠵᠤ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃        ᠡᠭᠦᠨ ᠤ ᠲᠤᠯᠠ ᠣᠨᠴᠠᠭᠠᠶᠢᠯᠠᠨ ᠵᠠᠷᠯᠠᠨ ᠮᠡᠳᠡᠭᠳᠡᠪᠡ                         ᠠᠷᠤ ᠬᠤᠷᠴᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ                         ᠠᠷᠤ ᠬᠤᠷᠴᠢᠨ ᠬᠤᠰᠢᠭᠤᠨ ᠤ ᠲᠣᠳᠣᠭᠠᠲᠤ ᠶᠢ ᠬᠠᠮᠠᠭᠠᠯᠠᠬᠤ ᠲᠣᠪᠴᠢᠶ᠎ᠠ ᠶᠢᠨ                         ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ                         2024 ᠣᠨ ᠤ 9 ᠰᠠᠷ᠎ᠠ ᠶᠢᠨ 2 ᠤᠨ ᠡᠳᠤᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号