ᠠᠯᠲᠠᠨ ᠨᠠᠮᠤᠷ ᠤᠨ ᠱᠤᠤ ᠨᠤᠲᠤᠭ ᠲᠤ ᠡᠪᠡᠰᠦ ᠪᠠᠯᠴᠢᠭᠡᠷ ᠬᠠᠯᠢᠭᠤᠷᠠᠨ᠂ ᠲᠠᠷᠢᠶ᠎ᠠ ᠲᠦᠮᠣᠰᠤ ᠪᠣᠯᠪᠡᠰᠤᠷᠠᠨ᠂ | ᠡᠯᠪᠡᠭ ᠬᠤᠷᠢᠶᠠᠯᠲᠠ ᠶᠢᠨ ᠡᠬᠡᠰᠢᠭ ᠳᠠᠭᠤᠤ ᠬᠠᠩᠬᠢᠨᠠᠨ᠎ᠠ᠃ ᠡᠨᠡ ᠰᠠᠶᠢᠬᠠᠨ ᠴᠠᠭ ᠮᠥᠴᠠ ᠳᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ | ᠲᠣᠭᠤᠰᠢᠯᠠᠭᠤᠯᠵᠤ᠂ ᠦᠨᠳᠣᠰᠤᠳᠠᠨ ᠤ ᠪᠦᠯᠭᠦᠮᠳᠠᠯ ᠢ ᠣᠯᠠᠮ ᠨᠢᠭᠡ ᠠᠯᠬᠤᠮ ᠠᠬᠢᠭᠤᠯᠤᠨ᠂ ᠲᠣᠮᠳᠠᠲᠤ ᠶᠢᠨ | ᠦᠨᠳᠣᠰᠣᠳᠠᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠣᠷᠢᠯᠭ᠎ᠠ ᠪᠠᠷ᠂ 9 ᠰᠠᠷ᠎ᠠ ᠶᠢᠨ 26 ᠤ | ᠦᠯᠵᠠᠶᠢᠲᠤ ᠮᠥᠴᠡ ᠪᠠᠷ᠂ ︽ᠲᠤᠷᠠᠰᠤᠯᠲᠤ ᠲᠤᠣᠲᠠᠨ ᠰᠣᠶᠣᠯ ᠤᠷᠠᠯᠢᠭ ᠤᠨ ᠨᠡᠶᠢᠭᠡᠮᠯᠢᠭ︾ ᠵᠢᠴᠢ ᠱᠤᠤ ᠲᠤᠭᠤᠷᠢᠭ | ᠪᠣᠯᠤᠨ ᠴᠠᠶᠢᠳᠠᠮ ᠲᠣᠭᠤᠷᠢᠭ ᠤᠨ ᠤᠷᠠᠯᠢᠭ ᠤᠨ ᠪᠦᠯᠬᠦᠮ ᠬᠠᠮᠲᠤᠷᠠᠯᠴᠠᠨ᠂ ︽ᠰᠢᠨ᠎ᠡ ᠳᠤᠮᠳᠠᠲᠤ ᠤᠯᠤᠰ | ᠪᠠᠶᠢᠭᠤᠯᠤᠭᠲᠠᠭᠰᠠᠨ 75 ᠵᠢᠯ ᠤᠨ ᠣᠢ ᠶᠢ ᠪᠠᠶᠠᠷᠯᠠᠨ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ︾ ᠶᠢᠨ ᠠᠵᠢᠯᠯᠠᠭᠠᠨ | ᠶᠠᠪᠤᠭᠳᠠᠭᠤᠯᠵᠠᠢ᠃ | | | | ᠲᠣᠭᠯᠠᠯᠲᠠ ᠨᠢ ︽ᠬᠥᠭᠵᠢᠯ ᠤᠨ ᠰᠠᠶᠢᠬᠠᠨ ᠱᠤᠤ ᠨᠤᠳᠤᠭ︾ ᠭᠡᠬᠦ ᠳᠠᠭᠤᠤ ᠬᠥᠭᠵᠢᠮ ᠢᠶᠠᠷ ᠡᠬᠢᠯᠡᠵᠤ᠂ ︽ᠪᠢ | ᠡᠬᠡ ᠤᠯᠤᠰ ᠲᠠᠢ ᠪᠠᠨ︾ ᠭᠡᠬᠦ ᠬᠠᠮᠲᠤ ᠶᠢᠨ ᠳᠠᠭᠤᠤ ᠬᠥᠭᠵᠢᠮ ᠢᠶᠠᠷ ᠦᠨᠳᠦᠷᠯᠡᠯ᠎ᠡ᠃ ᠡᠨᠡ ᠨᠢ ᠡᠬᠡ ᠤᠯᠤᠰ ᠤᠨ ᠢᠶᠠᠨ | ᠬᠥᠭᠵᠢᠯᠲᠡ ᠴᠡᠴᠡᠭᠯᠡᠯ ᠤᠨ ᠲᠤᠬᠠᠢ ᠭᠦᠨ ᠵᠤᠵᠠᠭᠠᠨ ᠬᠠᠶᠢᠷ᠎ᠠ ᠰᠡᠳᠭᠢᠯᠭᠡ ᠶᠢᠨ ᠮᠠᠭᠲᠠᠭᠠᠯ ᠳᠠᠭᠤᠤ ᠪᠣᠯᠣᠭᠰᠠᠨ ᠢᠶᠠᠷ | ᠪᠠᠷᠠᠬᠤ ᠦᠭᠡᠢ᠂ ᠨᠡᠩ ᠴᠤ ᠤᠮᠠᠷᠡᠲᠤ ᠬᠢᠯᠢ ᠶᠢᠨ ᠬᠦᠪᠡᠭᠦᠳ ᠦᠬᠢᠳ ᠤᠨ ᠰᠡᠳᠭᠢᠯ ᠵᠢᠷᠦᠭᠡ ᠪᠠᠨ ᠬᠤᠯᠪᠣᠵᠤ᠂ | ᠳᠤᠮᠳᠠᠲᠤ ᠶᠢᠨ ᠵᠡᠭᠦᠳᠣ ᠪᠠᠨ ᠬᠠᠮᠲᠤ ᠪᠠᠷ ᠲᠡᠷᠭᠡᠯᠰᠢᠭᠦᠯᠬᠦ ᠠᠮᠢᠳᠤᠯᠢᠭ ᠦᠢᠯᠡᠳᠤᠯᠭᠡ ᠪᠣᠯᠬᠤ ᠶᠤᠮ᠃ | | | | | | ᠤᠷᠠᠯᠢᠭᠴᠢᠳ ᠮᠠᠨᠢ ᠤᠷᠠᠯᠢᠭ ᠤᠨ ᠦᠭᠡ ᠬᠡᠯᠡ ᠪᠠᠷ ᠤᠮᠠᠷᠠᠲᠤ ᠬᠢᠯᠢ ᠶᠢᠨ ᠦᠯᠢᠭᠡᠷ ᠢ ᠶᠠᠷᠢᠵᠤ᠂ ᠳᠠᠭᠤᠤ | ᠬᠥᠭᠵᠢᠮ ᠢᠶᠠᠷ ᠤᠯᠤᠰ ᠣᠷᠣᠨ ᠢᠶᠠᠨ ᠬᠠᠶᠢᠷᠠᠯᠠᠬᠤ ᠡᠬᠡ ᠣᠷᠣᠨᠴᠢ ᠰᠡᠳᠭᠢᠯᠭᠡ ᠪᠠᠨ ᠲᠠᠮᠵᠢᠭᠤᠯᠤᠨ᠂ ᠠᠶᠠᠰ ᠪᠦᠵᠢᠭ ᠢᠶᠠᠷ | ᠦᠨᠳᠦᠰᠣᠳᠡᠨ ᠤ ᠪᠦᠯᠭᠦᠮᠳᠡᠯ ᠤᠨ ᠬᠢᠵᠡᠭᠠᠯᠠᠰᠢ ᠦᠭᠡᠢ ᠴᠤᠭ ᠵᠢᠪᠬᠤᠭ᠎ᠠ ᠶᠢ ᠢᠯᠡᠷᠡᠭᠦᠯᠵᠤ᠂ ᠨᠡᠩ ᠭᠡᠷᠡᠯ ᠰᠠᠴᠤᠷᠡᠩᠭᠤᠢ | ᠢᠷᠡᠭᠡᠳᠦᠢ ᠶᠢ ᠬᠠᠮᠲᠤ ᠪᠠᠷ ᠣᠭᠲᠤᠬᠤ ᠢᠳᠡᠭᠡᠯ ᠵᠣᠷᠢᠭ ᠢ ᠦᠵᠡᠭᠴᠢ ᠲᠦᠮᠡᠨ᠂ ᠦᠷᠭᠡᠨ ᠤᠯᠠᠨ ᠳᠤ ᠪᠠᠨ ᠤᠬᠠᠭᠤᠯᠤᠨ | ᠲᠠᠨᠢᠭᠤᠯᠬᠤ ᠠᠴᠢ ᠬᠤᠯᠪᠣᠭᠳᠠᠯ ᠲᠠᠢ ᠰᠠᠶᠢᠬᠠᠨ ᠠᠵᠢᠯᠯᠠᠭᠠᠨ ᠪᠣᠯᠵᠠᠢ᠃ | ᠴᠢᠮᠡᠭᠡᠯᠡᠭᠴᠢ᠄ ᠶᠢᠨ ᠬᠤᠸᠠ᠂ ᠨᠡᠷᠡᠩᠭᠤᠸᠠ | | | | | | | | | |