ᠬᠠᠨᠰᠦ᠋ᠮ᠎ᠡ ᠪᠠᠭ᠎ᠠ ᠰᠤᠷᠭᠠᠭᠤᠯᠢ ︽ᠤᠯᠤᠰ ᠤᠨ ᠪᠠᠶᠠᠷ︾ ᠢ ᠪᠡᠯᠭᠡᠯᠡᠬᠦ ᠵᠢᠴᠢ ᠬᠤᠶᠠᠳᠤᠭᠠᠷ ᠤᠳᠠᠭᠠᠨ ᠤ ᠦᠨᠳᠣᠰᠣᠳᠠᠨ ᠤ ᠤᠯᠠᠮᠵᠢᠯᠠᠯᠲᠤ ᠨᠠᠭᠠᠳᠤᠮ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/9/30
       ᠠᠯᠲᠠᠨ ᠨᠠᠮᠤᠷ ᠤᠨ ᠰᠢᠷᠭᠠᠯ ᠡᠳᠤᠷ ᠠᠷᠠᠳ ᠤᠨ ᠰᠤᠷᠭᠠᠭᠤᠯᠢ ᠶᠢᠨ ᠰᠠᠷᠠᠭᠤᠯ ᠬᠦᠷᠢᠶ᠎ᠡ ᠪᠠᠭᠠᠴᠤᠳ ᠤᠨ ᠢᠨᠢᠶᠡᠲᠤ ᠪᠠᠷ ᠴᠠᠯᠭᠢᠯᠠᠨ᠎ᠠ᠃ ᠬᠠᠨᠰᠦ᠋ᠮ᠎ᠡ ᠪᠠᠭ᠎ᠠ ᠰᠤᠷᠭᠠᠭᠤᠯᠢ ᠨᠢ ᠰᠢᠨ᠎ᠡ ᠳᠤᠮᠳᠠᠲᠤ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠨ᠂ ᠬᠤᠶᠠᠳᠤᠭᠠᠷ ᠤᠳᠠᠭᠠᠨ ᠤ ᠦᠨᠳᠦᠰᠣᠳᠠᠨ ᠤ ᠤᠯᠠᠮᠵᠢᠯᠡᠯᠲᠤ ᠨᠠᠭᠠᠳᠤᠮ ᠢᠶᠠᠨ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃ ᠲᠣᠰ ᠤᠳᠠᠭᠠᠨ ᠤ ᠬᠦᠳᠡᠯᠭᠡᠭᠡᠨ ᠳᠤ ᠡᠷᠡᠭᠲᠡᠢ ᠰᠤᠷᠣᠭᠴᠢ ᠶᠢᠨ 128 ᠪᠥᠬᠡ ᠶᠢᠨ ᠪᠠᠷᠢᠯᠳᠤᠭᠠᠨ᠂ ᠡᠮᠡᠭᠲᠡᠢ ᠰᠣᠷᠣᠭᠴᠢ ᠶᠢᠨ 64 ᠪᠥᠭᠡ ᠶᠢᠨ ᠪᠠᠷᠢᠯᠳᠤᠭᠠᠨ᠂ ᠮᠤᠩᠭᠤᠯ ᠰᠢᠳᠡᠷ᠎ᠠ᠂ ᠳᠤᠮᠳᠠᠲᠤ ᠶᠢᠨ ᠰᠢᠳᠡᠷ᠎ᠡ᠂ ᠲᠠᠪᠤᠨ ᠵᠢᠷᠭᠢᠬᠡ ᠶᠢᠨ ᠰᠢᠳᠡᠷ᠎ᠡ ᠵᠡᠷᠭᠡ ᠤᠷᠤᠯᠳᠤᠭᠠᠨ ᠢ ᠣᠷᠤᠯᠳᠤᠭᠤᠯᠤᠭᠰᠠᠨ ᠪᠠᠶᠢᠨ᠎ᠠ᠃
       ᠲᠣᠰ ᠤᠳᠠᠭᠠᠨ ᠤ ᠦᠨᠳᠣᠰᠣᠲᠠᠨ ᠤ ᠤᠯᠠᠮᠵᠢᠯᠠᠯᠲᠤ ᠨᠠᠭᠠᠳᠤᠮ ᠳᠤ ᠴᠢᠪᠠᠭ᠎ᠠ ᠶᠢᠨ ᠬᠤᠶᠠᠳᠤᠭᠠᠷ ᠳᠤᠮᠳᠠᠲᠤ ᠰᠤᠷᠭᠠᠭᠤᠯᠢ ᠶᠢᠨ ᠪᠠᠭᠰᠢ᠂ ᠪᠥᠭᠡ ᠶᠢᠨ ᠰᠤᠷᠭᠠᠭᠴᠢ᠂ ᠳᠤᠮᠳᠠᠲᠤ ᠮᠠᠶ᠋ᠢᠭ ᠤᠨ ᠪᠥᠬᠡ ᠶᠢᠨ ᠤᠯᠤᠰ ᠤᠨ ᠠᠪᠤᠷᠭᠤ᠂ ᠮᠢᠩᠭᠠᠨ ᠪᠥᠬᠡ ᠶᠢᠨ ᠮᠠᠩᠯᠠᠢ᠂ ᠠᠷᠤ ᠬᠤᠷᠴᠢᠨ ᠨᠤᠳᠤᠭ ᠤᠨ ᠰᠣᠳᠣᠨ ᠵᠠᠯᠠᠭᠤ ᠪᠥᠭᠡ ᠨᠠᠴᠢᠨ 3000 ᠲᠥᠭᠦᠷᠢᠭ ᠤᠨ ᠬᠠᠨᠳᠢᠪ ᠡᠷᠭᠦᠨ᠂ ᠢᠪᠡᠭᠡᠨ ᠲᠡᠣᠡᠭᠦᠵᠤ᠂ ᠬᠡᠤᠬᠡᠳ ᠲᠡᠭᠦᠦ ᠨᠠᠷ ᠤᠨ ᠢᠶᠠᠨ ᠰᠤᠷᠤᠯᠭ᠎ᠠ ᠠᠮᠢᠳᠤᠷᠠᠯ ᠤᠨ ᠬᠢᠨᠢ ᠰᠠᠶᠢᠨ ᠰᠠᠶᠢᠬᠠᠨ ᠢ ᠵᠦᠩᠨᠡᠨ ᠪᠡᠯᠭᠡᠳᠡᠵᠤ᠂ ᠦᠨᠳᠣᠰᠣᠲᠠᠨ ᠤ ᠤᠯᠠᠮᠵᠢᠯᠠᠯᠲᠤ ᠰᠣᠶᠣᠯ ᠳᠤ ᠪᠠᠨ ᠨᠡᠩ ᠬᠠᠶᠢᠷ᠎ᠠ ᠲᠠᠢ ᠪᠠᠶᠢᠬᠤ ᠶᠢ ᠵᠣᠷᠢᠭᠵᠢᠭᠤᠯᠤᠭᠰᠠᠨ ᠪᠠᠶᠢᠨ᠎ᠠ᠃
       ᠲᠣᠰ ᠤᠳᠠᠭᠠᠨ ᠤ ᠦᠨᠳᠤᠰᠣᠳᠠᠨ ᠤ ᠤᠯᠠᠮᠵᠢᠯᠠᠯᠲᠤ ᠨᠠᠭᠠᠳᠤᠮ ᠢᠶᠠᠷ ᠰᠤᠷᠭᠠᠭᠤᠯᠢ ᠶᠢᠨ ᠬᠦᠷᠢᠶᠠᠨ ᠤ ᠰᠣᠶᠣᠯ ᠤᠨ ᠠᠭᠤᠷ ᠠᠮᠢᠰᠬᠤᠯ ᠢ ᠪᠠᠶᠠᠯᠢᠡᠡᠵᠢᠭᠤᠯᠤᠨ᠂ ᠤᠯᠤᠰ ᠤᠨ ᠪᠠᠶᠠᠷ ᠢ ᠪᠡᠯᠭᠡᠯᠡᠬᠦ ᠠᠵᠢᠯᠯᠠᠭᠠᠨ ᠢᠶᠠᠷ ᠲᠠᠮᠵᠢᠭᠤᠯᠤᠨ ᠬᠡᠤᠬᠡᠳ ᠪᠠᠭᠠᠴᠤᠳ ᠤᠨ ᠡᠬᠡ ᠤᠯᠤᠰ ᠢᠶᠠᠨ ᠬᠠᠶᠢᠷᠠᠯᠠᠬᠤ ᠬᠦᠮᠤᠵᠢᠯ ᠢ ᠴᠢᠩᠭᠠᠣᠡᠬᠠᠨ᠂ ᠡᠬᠡ ᠣᠷᠣᠨᠴᠢ ᠦᠵᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号