ᠣᠶᠢᠷ᠎ᠠ ᠶᠢᠨ ᠡᠳᠤᠷ᠂ ᠠᠷᠤ ᠬᠤᠷᠴᠢᠨ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠠ ᠣᠷᠣᠭᠤᠯᠬᠤ | ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠠᠮᠵᠢᠯᠲᠠ ᠲᠠᠢ ᠶᠠᠪᠤᠭᠳᠠᠵᠤ᠂ ᠪᠡᠭᠡᠵᠢᠩ ᠬᠤᠳᠠ ᠶᠢᠨ ᠴᠠᠩᠫᠢᠩ | ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠣᠮᠠᠯ ᠹᠷᠣᠨᠲ ᠤᠨ ᠬᠡᠯᠳᠡᠰ ᠤᠨ ᠬᠤᠶᠠᠳᠤᠭᠠᠷ ᠲᠡᠰ ᠤᠨ ᠪᠠᠶᠢᠴᠠᠭᠠᠨ | ᠰᠤᠳᠤᠯᠤᠭᠴᠢ ᠭᠧᠦ ᠽᠧᠩ ᠴᠤᠤ᠂ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠦᠢᠯᠡᠣᠡᠪᠣᠷᠢ | ᠬᠤᠳᠠᠯᠳᠤᠭᠠᠨ ᠤ ᠬᠤᠯᠪᠣᠭ᠎ᠠ ᠶᠢᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠵᠠᠩ ᠵᠢᠶᠠᠨ ᠬᠤᠸᠠ᠂ ᠠᠷᠤ | ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠤᠮᠠᠯ ᠹᠷᠣᠨᠲ ᠤᠨ ᠬᠡᠯᠳᠠᠰ ᠤᠨ | ᠳᠠᠷᠤᠭ᠎ᠠ ᠬᠠᠨ ᠵᠢᠶᠧ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠲᠡᠳ᠋ ᠳᠠᠷᠤᠭ᠎ᠠ | ᠶᠠᠩ ᠵᠢᠶᠧ᠂ ᠬᠤᠰᠢᠭᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠮᠦ ᠭᠦᠸᠧ ᠳ᠋ᠦᠩ ᠵᠢᠴᠢ ᠠᠷᠤ ᠬᠤᠷᠴᠢᠨ | ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠪᠡᠭᠡᠵᠢᠩ ᠬᠤᠲᠠ ᠪᠣᠯᠣᠨ ᠠᠷᠤ | ᠬᠤᠷᠴᠢᠨ ᠬᠤᠰᠢᠭᠤᠨ ᠤ ᠬᠡᠰᠡᠭ ᠠᠵᠤ ᠠᠬᠤᠶᠢᠯᠠᠯ ᠤᠨ ᠲᠦᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ | | | | | | ᠬᠠᠨ ᠵᠢᠢᠶᠧ ᠬᠤᠷᠠᠯ ᠳᠡᠭᠡᠷ᠎ᠡ ᠪᠠᠶᠠᠷ ᠤᠨ ᠦᠭᠡ ᠬᠡᠯᠡᠵᠦ᠂ ᠠᠷᠤ ᠬᠤᠷᠴᠢᠨ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠢ ᠲᠦᠯᠥᠭᠡᠯᠡᠨ᠂ ᠠᠵᠤ ᠠᠬᠤᠶᠢᠯᠠᠯᠲᠠᠳ ᠢ ᠬᠠᠯᠠᠭᠤᠨ ᠢᠶᠠᠷ ᠣᠭᠳᠤᠵᠤ᠂ ᠠᠷᠤ | ᠬᠤᠷᠴᠢᠨ ᠬᠤᠰᠢᠭᠤᠨ ᠤ ᠬᠥᠭᠵᠢᠯᠲᠠ ᠶᠢ ᠬᠠᠯᠠᠮᠵᠢᠯᠠᠨ ᠲᠠᠮᠵᠢᠵᠤ ᠪᠠᠶᠢᠭ᠎ᠠ ᠨᠠᠶᠢᠭᠡᠮ ᠤᠨ ᠡᠯ᠎ᠡ ᠡᠳᠡᠭᠡᠳ ᠤᠨ | ᠬᠦᠮᠤᠰ ᠲᠤ ᠴᠢᠩ ᠰᠡᠳᠭᠢᠯ ᠠᠴᠠ ᠪᠠᠨ ᠳᠠᠯᠡᠷᠬᠠᠵᠤ ᠪᠠᠶᠢᠬᠤ ᠪᠠᠨ ᠢᠯᠠᠳᠬᠡᠭᠰᠡᠨ ᠪᠦᠭᠡᠳ ᠠᠷᠤ ᠬᠤᠷᠴᠢᠨ | ᠬᠤᠰᠢᠭᠤ ᠬᠠᠮᠤᠭ ᠤᠨ ᠦᠨᠠᠨᠴᠢ ᠰᠡᠣᠡᠬᠢᠯ᠂ ᠬᠠᠮᠤᠭ ᠤᠨ ᠰᠠᠶᠢᠨ ᠦᠢᠯᠡᠴᠢᠯᠡᠭᠡ᠂ ᠬᠠᠮᠤᠭ ᠤᠨ ᠰᠢᠯᠢᠳᠡᠭ ᠣᠷᠴᠢᠨ | ᠨᠦᠬᠦᠴᠡᠯ ᠢᠶᠠᠷ ᠪᠡᠯᠡ ᠣᠷᠣᠭᠤᠯᠵᠤ ᠦᠢᠯᠡᠰ ᠪᠣᠰᠬᠠᠬᠤ ᠬᠠᠮᠤᠭ ᠤᠨ ᠰᠠᠶᠢᠨ ᠲᠠᠪᠴᠠᠩ ᠢ ᠬᠦᠴᠦᠯᠠᠨ ᠪᠠᠶᠢᠭᠤᠯᠵᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠠ ᠭᠡᠪᠡ᠃ | | | | ᠬᠤᠷᠠᠯ ᠳᠤ᠂ ᠠᠷᠤ ᠬᠤᠷᠴᠢᠨ ᠬᠤᠰᠢᠭᠤᠨ ᠤ ᠠᠵᠤ ᠠᠬᠤᠶᠢᠯᠠᠯᠳᠠᠨ ᠤ ᠲᠦᠯᠤᠭᠡᠯᠡᠭᠴᠢ ᠪᠣᠯᠣᠨ | ᠪᠡᠭᠡᠵᠢᠩ ᠤᠨ ᠠᠵᠤ ᠠᠬᠤᠶᠢᠯᠡᠯᠲᠠᠨ ᠤ ᠲᠦᠯᠤᠭᠡᠯᠡᠭᠴᠢ ᠲᠣᠰ ᠲᠣᠰ ᠦᠭᠡ ᠬᠡᠯᠡᠵᠦ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠤᠬᠠᠭᠤᠯᠭ᠎ᠠ ᠶᠢᠨ ᠹᠢᠯᠢᠮ ᠢ ᠰᠣᠨᠢᠷᠬᠠᠭᠤᠯᠵᠤ᠂ ᠬᠤᠷᠠᠯ ᠳᠤ ᠣᠷᠣᠯᠴᠠᠭᠰᠠᠳ ᠲᠤ ᠠᠷᠢᠭᠤᠨ | ᠲᠠᠭᠰᠢᠨ ᠠᠷᠤ ᠬᠤᠷᠴᠢᠨ ᠬᠤᠰᠢᠭᠤ ᠶᠢ ᠨᠡᠩ ᠰᠢᠭᠤᠳ ᠨᠡᠩ ᠭᠦᠨᠵᠡᠭᠡᠢ ᠲᠠᠨᠢᠯᠴᠠᠭᠤᠯᠤᠨ ᠣᠶᠢᠯᠠᠭᠠᠭᠤᠯᠤᠭᠰᠠᠨ | ᠪᠠᠶᠢᠨ᠎ᠠ᠃ | | | | ᠳᠠᠷᠠᠭ᠎ᠠ ᠨᠢ᠂ ᠮᠦ ᠭᠦᠸᠧ ᠳ᠋ᠦᠩ ᠪᠣᠯᠣᠨ ᠪᠡᠭᠡᠵᠢᠩ ᠤᠨ ᠳ᠋ᠡ ᠮᠧᠩ ᠪᠦᠯᠥᠭᠯᠡᠯ ᠤᠨ ᠬᠢᠵᠠᠭᠠᠷᠲᠤ | ᠺᠣᠮᠫᠠᠨᠢ᠂ ᠪᠡᠭᠡᠵᠢᠩ ᠤᠨ ᠳ᠋ᠦᠩ ᠴᠧᠩ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠵᠦᠩ | ᠭᠤᠸᠠᠨ ᠴᠠᠨ ᠹᠦ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠠᠴᠢᠯᠡᠭᠡᠨ ᠤ ᠬᠢᠵᠠᠭᠠᠷᠲᠤ ᠺᠣᠮᠫᠠᠨᠢ ᠬᠠᠮᠲᠤ ᠪᠠᠷ | ᠬᠠᠮᠳᠤᠷᠠᠯᠴᠠᠭᠠᠨ ᠤ ᠲᠦᠰᠤᠪ ᠤᠨ ᠵᠥᠪᠯᠡᠯᠴᠡᠭᠡᠷ ᠲᠤ ᠭᠠᠷ ᠤᠨ ᠦᠰᠤᠭ᠌ ᠵᠢᠷᠤᠪᠠ᠃ ᠲᠤᠮᠳᠠᠲᠤ ᠤᠯᠤᠰ ᠤᠨ ᠵᠠᠮ | ᠬᠠᠷᠢᠯᠴᠠᠭᠠᠨ ᠤ ᠲᠢᠶᠠᠨᠵᠢᠨ ᠤᠰᠤᠨ ᠵᠠᠮ ᠤᠨ ᠲᠣᠪᠴᠢᠶ᠎ᠠ ᠶᠢᠨ ᠬᠢᠵᠠᠭᠠᠷᠲᠤ ᠺᠣᠮᠫᠠᠨᠢ᠂ ᠳᠤᠮᠳᠠᠲᠤ ᠤᠯᠤᠰ ᠤᠨ ᠵᠧᠨ | ᠬᠤᠸᠠ ᠭᠠᠳᠠᠭᠠᠲᠤ ᠠᠴᠠ ᠤᠷᠤᠭᠤᠯᠵᠤ ᠭᠠᠳᠠᠭᠠᠲᠤ ᠳᠤ ᠭᠠᠷᠭᠠᠬᠤ ᠬᠢᠵᠠᠭᠠᠷᠲᠤ ᠺᠣᠮᠫᠠᠨᠢ ᠵᠡᠷᠭᠡ 2 ᠺᠣᠮᠫᠠᠨᠢ ᠲᠠᠢ | ᠠᠩᠬ᠎ᠠ ᠠᠯᠬᠤᠮ ᠬᠠᠮᠳᠤᠷᠠᠯᠴᠠᠭᠠᠨ ᠤ ᠰᠠᠨᠠᠮᠵᠢ ᠲᠣᠭᠳᠠᠪᠠ᠃ | | | | ᠲᠣᠰ ᠤᠳᠠᠭᠠᠨ ᠤ ᠠᠵᠢᠯᠯᠠᠭ᠎ᠠ ᠨᠢ ᠠᠷᠤ ᠬᠤᠷᠴᠢᠨ ᠬᠤᠰᠢᠭᠤᠨ ᠤ ᠦᠷᠭᠡᠨ ᠤᠯᠠᠨ ᠠᠷᠠᠳ ᠠᠴᠠ | ᠡᠵᠡᠩᠨᠡᠭᠰᠡᠨ ᠠᠵᠤ ᠠᠬᠤᠶᠢᠯᠡᠯᠲᠠᠨ ᠤ ᠦᠢᠯᠡᠳᠤᠯ ᠢ ᠭᠦᠢᠴᠡᠳ ᠪᠠᠳᠠᠷᠠᠭᠤᠯᠵᠤ᠂ ᠮᠠᠨ ᠤ ᠬᠤᠰᠢᠭᠤᠨ ᠤ ᠠᠵᠤ | ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠡᠨᠧᠷᠬᠢ ᠨᠠᠮᠠᠷᠢᠯᠠᠨ᠂ ᠡᠯ᠎ᠡ ᠭᠠᠵᠠᠷ ᠣᠷᠣᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠵᠤ᠂ ︽ᠬᠤᠳᠠᠯᠳᠤᠭ᠎ᠠ ᠪᠠᠷ | ᠬᠤᠳᠠᠯᠳᠤᠭᠠᠴᠢᠨ ᠤᠷᠢᠬᠤ︾ ᠶᠢ ᠪᠦᠲᠣᠮᠵᠢᠲᠠᠢ ᠠᠬᠢᠭᠤᠯᠤᠨ᠂ ᠠᠷᠤ ᠬᠤᠷᠴᠢᠨ ᠬᠤᠰᠢᠭᠤ ᠪᠣᠯᠣᠨ ᠡᠯ᠎ᠡ | ᠭᠠᠵᠠᠷ ᠤᠨ ᠬᠤᠭᠤᠷᠤᠨᠳᠤᠬᠢ ᠠᠵᠤ ᠠᠬᠤᠢ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠵᠤ᠂ ᠰᠠᠶᠢᠨ | ᠰᠠᠶᠢᠬᠠᠨ ᠢᠷᠡᠭᠡᠳᠦᠢ ᠶᠢ ᠬᠠᠮᠲᠤ ᠪᠠᠷ ᠴᠤᠭᠴᠠᠯᠠᠪᠠ᠃ ︵ᠰᠠᠶᠢᠬᠠᠡᠬᠤᠸᠠᠷ᠂ ᠴᠡᠯᠮᠡᠭ︶ | | |