ᠠᠷᠤ ᠬᠤᠷᠴᠢᠨ ᠬᠤᠰᠢᠭᠤ 2024 ᠣᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠤᠷ ᠢ ᠳᠡᠮᠳᠡᠭᠯᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/9/30
       9 ᠰᠠᠷ᠎ᠠ ᠶᠢᠨ 30 ᠤ ᠡᠳᠤᠷ᠂ ᠠᠷᠤ ᠬᠤᠷᠴᠢᠨ ᠬᠤᠰᠢᠭᠤ 2024 ᠣᠨ ᠤ ᠦᠷᠡᠭᠳᠡᠭᠰᠡᠨ ᠪᠠᠭᠠᠳᠤᠷᠴᠤᠳ ᠤᠨ ᠲᠣᠷᠠᠰᠬᠠᠯ ᠤᠨ ᠡᠳᠤᠷ ᠢ ᠲᠡᠮᠳᠡᠭᠯᠡᠬᠦ ᠠᠵᠢᠯᠯᠠᠭ᠎ᠠ ᠦᠷᠨᠢᠭᠦᠯᠵᠦ᠂ ᠦᠷᠡᠭᠳᠡᠭᠰᠡᠨ ᠪᠠᠭᠠᠲᠤᠷᠴᠦᠳ ᠤᠨ ᠠᠭᠤᠤ ᠭᠠᠪᠢᠶ᠎ᠠ ᠠᠤᠭ᠎ᠠ ᠵᠢᠳᠭᠦᠯ ᠢ ᠪᠠᠲᠤ ᠴᠡᠭᠡᠵᠢᠯᠠᠵᠤ᠂ ᠪᠠᠭᠠᠲᠤᠷᠴᠤᠳ ᠤᠨ ᠢᠷᠠᠭᠤ ᠠᠯᠳᠠᠷᠲᠤ ᠦᠢᠯᠡᠰ ᠢ ᠤᠯᠠᠮᠵᠢᠯᠠᠨ ᠵᠠᠯᠭᠠᠮᠵᠢᠯᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠲᠠᠷᠠᠭᠤᠯᠤᠨ᠂ ᠪᠥᠬᠦ ᠠᠷᠠᠳ ᠤᠨ ᠤᠯᠤᠰ ᠢᠶᠠᠨ ᠬᠠᠶᠢᠷᠠᠯᠠᠬᠤ ᠣᠬᠠᠮᠰᠡᠷ ᠢ ᠴᠢᠩᠭᠠᠳᠬᠠᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠪᠠᠶᠢᠩᠭᠤ ᠶᠢᠨ ᠲᠡᠳ᠋ ᠳᠠᠷᠤᠭ᠎ᠠ ᠵᠢᠶᠠ ᡁᠢ ᠬᠤᠩ ᠦᠷᠡᠭᠳᠡᠭᠰᠡᠨ ᠪᠠᠭᠠᠳᠤᠷᠴᠤᠳ ᠤᠨ ᠳᠤᠷᠠᠰᠬᠠᠯ ᠤᠨ ᠡᠳᠤᠷ ᠢ ᠲᠡᠮᠳᠡᠭᠯᠡᠬᠦ ᠠᠵᠢᠯᠯᠠᠭ᠎ᠠ ᠶᠢ ᠡᠷᠬᠢᠯᠡᠪᠡ᠃
       30 ᠤ ᠡᠳᠤᠷ ᠤᠨ 9 ᠴᠠᠭ ᠲᠤ᠂ ᠪᠥᠬᠦ ᠲᠠᠯᠠᠪᠠᠢ ᠪᠠᠷ ᠢᠶᠠᠨ ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠰᠦᠯᠲᠠ ᠳᠠᠭᠤᠤ ᠶᠢ ᠳᠠᠭᠤᠯᠠᠵᠤ᠂ ᠤᠯᠤᠰ ᠤᠨ ᠳᠠᠭᠤᠤ ᠶᠢ ᠳᠠᠭᠤᠯᠠᠵᠤ ᠪᠠᠷᠬᠠᠰᠡᠨ ᠤ ᠳᠠᠷᠠᠭ᠎ᠠ᠂ ᠪᠦᠬᠦ ᠳᠠᠯᠠᠪᠠᠢ ᠶᠢᠨ ᠺᠠᠳ᠋ᠷ ᠠᠵᠢᠯᠲᠡᠨ ᠬᠢᠴᠢᠶᠡᠩᠭᠦᠶᠢᠯᠡᠨ ᠵᠣᠭᠰᠤᠵᠤ᠂ ᠦᠷᠡᠭᠳᠡᠭᠰᠠᠨ ᠪᠠᠭᠠᠳᠤᠷᠴᠤᠳ ᠲᠤ ᠨᠡᠮᠠᠨᠴᠢᠯᠠᠨ ᠭᠠᠰᠢᠭᠤᠳᠠᠵᠤ᠂ ᠶᠣᠰᠣᠯᠠᠯ ᠤᠨ 10 ᠪᠠᠶᠢᠯᠳᠤᠭᠴᠢ ᠦᠷᠡᠭᠳᠡᠭᠰᠡᠨ ᠪᠠᠭᠠᠲᠤᠷᠴᠦᠳ ᠲᠤ ᠰᠬᠠᠰᠣᠳᠤ ᠴᠡᠴᠡᠭ ᠬᠦᠷᠭᠡᠪᠡ᠃
       ᠸᠧᠢ ᠪᠢᠯᠢᠭ ᠭᠠᠰᠢᠭᠤᠳᠠᠯ ᠤᠨ ᠲᠤᠷᠭᠠᠨ ᠪᠦᠴᠡ ᠶᠢ ᠲᠡᠭᠰᠢᠯᠠᠵᠤ᠂ ᠠᠵᠢᠯᠯᠠᠭ᠎ᠠ ᠳᠤ ᠣᠷᠣᠯᠴᠬᠠᠰᠡᠨ ᠤᠳᠤᠷᠢᠳᠤᠯᠭ᠎ᠠ ᠪᠣᠯᠣᠨ ᠬᠤᠰᠢᠭᠤᠨ ᠬᠠᠷᠢᠶ᠎ᠠ ᠡᠯ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ  ᠶᠢᠨ ᠺᠠᠳ᠋ᠷ ᠠᠵᠢᠯᠲᠠᠨ ᠤ ᠲᠦᠯᠥᠭᠡᠯᠡᠭᠴᠢᠳ ᠪᠠᠭᠠᠲᠤᠷᠴᠤᠳ ᠤᠨ ᠬᠦᠰᠢᠶ᠎ᠡ ᠶᠢ ᠠᠯᠭᠤᠷᠬᠠᠨ ᠲᠤᠭᠤᠷᠢᠵᠤ᠂ ᠦᠷᠡᠭᠳᠡᠭᠰᠡᠨ ᠪᠠᠭᠠᠳᠤᠷᠴᠤᠳ ᠤᠨ ᠲᠣᠷᠠᠰᠬᠠᠯ ᠤᠨ ᠬᠦᠰᠢᠶ᠎ᠡ ᠶᠢ ᠪᠠᠷᠠᠳᠠᠬᠤ ᠶᠢᠨ ᠬᠠᠮᠲᠤ ᠦᠷᠡᠭᠳᠡᠭᠰᠡᠨ ᠪᠠᠭᠠᠲᠤᠷᠴᠤᠳ ᠲᠤ ᠰᠤᠷᠭᠤᠭ ᠴᠡᠴᠡᠭ ᠬᠦᠷᠬᠡᠪᠡ᠃
       ᠬᠤᠰᠢᠭᠤᠨ ᠨᠠᠮ ᠤᠨ ᠬᠤᠷᠢᠶᠠᠨ ᠤ ᠱᠦᠵᠢ ᠸᠧᠢ ᠪᠢᠯᠢᠭ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠠᠨ᠂ ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ ᠰᠢᠨ᠂ ᠬᠤᠰᠢᠭᠤᠨ ᠤᠯᠤᠰ ᠲᠦᠷᠤ ᠶᠢᠨ ᠵᠥᠪᠯᠡᠯᠭᠡᠨ ᠤ ᠲᠡᠷᠢᠭᠦᠯᠡᠭᠴᠢ ᠰᠡᠷᠭᠦᠯᠡᠩ ᠵᠡᠷᠭᠡ ᠬᠤᠰᠢᠭᠤᠨ ᠳᠠᠭᠠᠨ ᠪᠠᠶᠢᠭ᠎ᠠ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠬᠤᠰᠢᠭᠤᠨ ᠵᠠᠰᠠᠭ ᠤᠨ ᠣᠷᠳᠤᠨ ᠤ ᠠᠯᠪᠠᠨ ᠭᠡᠷ᠂ ᠵᠠᠮ ᠬᠠᠷᠢᠯᠴᠠᠭᠠᠨ ᠤ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠲᠣᠳᠤᠭᠠᠲᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠰᠢᠭᠤᠨ ᠴᠡᠷᠢᠭ ᠠᠴᠠ ᠬᠠᠯᠬᠠᠳ᠋ᠬᠠᠰᠡᠣᠨ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠠᠵᠢᠯᠯᠠᠭ᠎ᠠ ᠳᠤ ᠣᠷᠣᠯᠴᠠᠵᠠᠢ᠃ ︵ ᠶᠢᠨ ᠵᠦ᠂ ᠯᠢ ᠬᠤᠸᠠᠨ ᠢᠣᠢ᠂ ᠴᠡᠯᠮᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号