ᠴᠧᠨ ᠬᠤ᠋ ᠨᠠᠨ ᠬᠤᠰᠢᠭᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ 2024 ᠣᠨ ᠤ ᠶᠢᠰᠤᠳᠤᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/30
       9 ᠰᠠᠷ᠎ᠠ ᠶᠢᠨ 29 ᠤ ᠦᠳᠡ ᠶᠢᠨ ᠬᠤᠶᠢᠨ᠎ᠠ᠂ ᠬᠤᠰᠢᠭᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠤᠷᠳᠤᠨ ᠤ ᠨᠠᠮ ᠤᠨ ᠣᠳᠣᠷᠢᠣᠡᠬᠤ ᠲᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠬᠤᠰᠢᠭᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠤᠨ ᠤ ᠨᠠᠮ ᠤᠨ ᠣᠳᠣᠷᠢᠣᠡᠬᠤ ᠲᠤᠭᠤᠶᠢᠯᠠᠩ ᠤᠨ 2024 ᠣᠨ ᠤ ᠶᠢᠰᠤᠳᠤᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠵᠠᠰᠠᠭ ᠤᠨ ᠤᠷᠳᠤᠨ ᠤ ᠨᠠᠮ ᠤᠨ ᠣᠳᠣᠷᠢᠣᠡᠬᠤ ᠲᠤᠭᠤᠶᠢᠯᠠᠩ ᠤᠨ ᠪᠦᠷᠢᠯᠳᠤᠬᠦᠨ ᠬᠤᠷᠠᠯ ᠳᠤ ᠣᠷᠤᠯᠴᠠᠪᠠ᠃ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠲᠤᠭᠠᠷ ᠪᠦᠭᠦᠳᠡ ᠬᠤᠷᠠᠯ᠂ ᠦᠪᠡᠷᠳᠡᠭᠡᠨ ᠵᠠᠰᠠᠬᠤ ᠤᠷᠣᠨ ᠤ ᠠᠷᠪᠠᠨ ᠨᠢᠭᠡᠲᠤᠭᠡᠷ ᠬᠤᠭᠤᠴᠠᠭᠠᠨ ᠤ ᠨᠡᠢᠮᠠᠳᠤᠭᠠᠷ ᠪᠦᠭᠦᠳᠡ ᠬᠤᠷᠠᠯ᠂ ᠤᠯᠠᠭᠠᠡᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠳᠤᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠤᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ 8 ᠰᠠᠷ᠎ᠡ ᠶᠢᠨ 30 ᠤ ᠡᠳᠤᠷ ᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠣᠳᠣᠷᠢᠣᠡᠬᠤ ᠲᠣᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ 9 ᠰᠠᠷ᠎ᠠ ᠶᠢᠨ 26 ᠤ ᠡᠳᠤᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠤ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠣᠶᠢᠷ᠎ᠠ ᠶᠢᠨ ᠬᠤᠭᠤᠴᠠᠭᠠᠨ ᠤ ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠲᠦᠷᠤ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠤᠷᠳᠤᠨ᠂ ᠤᠯᠠᠭᠠᠡᠬᠠᠳᠠ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠨᠠᠮ ᠤᠨ ᠪᠠᠶᠢᠭᠤᠯᠤᠯᠲᠠ᠂ ᠠᠵᠤ ᠠᠬᠤᠢ᠂ ᠠᠮᠤᠷ ᠲᠦᠪᠰᠢᠨ᠂ ᠠᠷᠠᠳ ᠤᠨ ᠠᠮᠢᠳᠤᠷᠠᠯ ᠵᠡᠷᠭᠡ ᠬᠦᠷᠢᠶᠡᠨ ᠤ ᠲᠤᠬᠠᠢ ᠴᠢᠬᠤᠯᠠ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃        ᠬᠤᠷᠠᠯ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠭᠤᠰᠢᠯᠠᠭᠤᠯᠬᠤ ᠶᠢᠨ ᠲᠣᠭᠤᠷᠢᠨ ᠳᠤ ᠰᠠᠨᠠᠯ ᠢᠶᠠᠨ ᠰᠤᠯᠢᠯᠴᠠᠵᠤ ᠰᠤᠳᠤᠯᠤᠨ ᠶᠠᠷᠢᠯᠴᠠᠪᠠ᠃        ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠵᠠᠰᠠᠭ ᠤᠨ ᠣᠷᠳᠣᠨ ᠤ ᠡᠯ᠎ᠡ ᠨᠠᠮ ᠤᠨ ᠣᠳᠣᠷᠢᠣᠡᠬᠤ ᠲᠤᠭᠤᠶᠢᠯᠠᠩ ᠤᠨ ᠪᠦᠷᠢᠯᠳᠤᠭᠦᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠤ ᠶᠢᠨ ᠡᠭᠦᠷᠭᠡ ᠪᠣᠯᠭᠠᠵᠤ᠂ ᠰᠤᠷᠤᠯᠴᠠᠯᠭ᠎ᠠ ᠶᠢ ᠬᠦᠨᠵᠡᠭᠡᠢ ᠦᠷᠨᠢᠭᠦᠯᠣᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠤ᠂ ᠤᠷᠢᠳ ᠢᠶᠠᠷ ᠨᠢᠭᠡ ᠠᠯᠠᠬᠤᠮ ᠰᠤᠷᠴᠤ᠂ ᠭᠦᠨ ᠨᠢᠭᠡ ᠲᠠᠪᠬᠤᠷᠭ᠎ᠠ ᠰᠤᠷᠤᠯᠴᠠᠨ᠂ ᠦᠨᠡᠡᠬᠦ ᠰᠤᠷᠴᠤ ᠨᠡᠪᠳᠡᠷᠡᠳᠠᠯ᠎ᠠ ᠣᠶᠢᠯᠭᠠᠵᠤ᠂ ᠰᠡᠳᠬᠢᠯ ᠵᠢᠷᠣᠬᠡᠨ ᠳᠤ ᠪᠠᠨ ᠬᠠᠳᠠᠩᠰᠢᠭᠤᠯᠬᠤ ᠬᠡᠷᠡᠭᠲᠠᠢ᠃ ᠴᠢᠩᠭ᠎ᠠ ᠠᠣᠡᠬᠤᠬᠤ ᠴᠢᠩᠭ᠎ᠠ ᠬᠠᠮᠢᠶᠠᠷᠬᠤ ᠲᠣᠮᠳᠡ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠣᠡᠬᠠᠵᠤ᠂ ᠪᠦᠬᠦ ᠲᠠᠯ᠎ᠠ ᠶᠢᠨ ᠬᠠᠮᠢᠶᠠᠷᠤᠯᠲᠠ ᠪᠣᠯᠣᠨ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠤᠨ ᠤᠷᠳᠤᠨ ᠤ ᠰᠢᠰᠲ᠋ᠧᠮ ᠤᠳ ᠨᠠᠮ ᠤᠨ ᠭᠡᠰᠢᠭᠦᠨ ᠺᠠᠳ᠋ᠷ ᠨᠢᠭᠡ ᠰᠡᠳᠭᠢᠯ ᠢᠶᠠᠷ ᠰᠠᠬᠢᠯᠭ᠎ᠠ ᠪᠠᠲᠤ ᠶᠢ ᠰᠣᠷᠤᠯᠴᠠᠵᠤ᠂ ᠰᠠᠬᠢᠯᠭ᠎ᠠ ᠪᠠᠲᠤ ᠶᠢ ᠪᠠᠲᠤᠲᠠᠢ ᠣᠶᠢᠯᠠᠭᠠᠨ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠲᠤᠳᠤᠷᠬᠠᠶᠢᠯᠠᠵᠤ᠂ ᠴᠡᠭᠡᠷ ᠬᠤᠷᠢᠭ᠎ᠠ ᠰᠠᠬᠢᠯᠭ᠎ᠠ ᠶᠢ ᠰᠠᠬᠢᠵᠤ᠂ ᠰᠤᠷᠳᠠᠯ ᠴᠢᠭᠡᠴᠢ ᠤᠪᠣᠷ ᠲᠥᠪ ᠤᠯᠤᠰ ᠲᠦᠷᠤ ᠶᠢᠨ ᠠᠮᠠᠢ ᠠᠬᠤᠢ ᠶᠢ ᠴᠢᠷᠮᠡᠶᠢᠨ ᠪᠣᠢ ᠪᠣᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠪᠠ ᠤᠯᠠᠭᠠᠡᠬᠠᠳᠠ ᠬᠤᠲᠠ ᠶᠢᠨ ᠠᠵᠤ ᠠᠬᠤᠢ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠪᠠ ᠡᠯ᠎ᠡ ᠵᠣᠶᠢᠯ ᠤᠨ ᠴᠢᠬᠤᠯᠠ ᠶᠡᠭᠡ ᠠᠷᠭ᠎ᠠ ᠬᠡᠮᠵᠢᠶ᠎ᠠ ᠶᠢ ᠨᠠᠷᠢᠨ ᠬᠢᠨᠠᠮᠠᠭᠠᠢ ᠨᠠᠶᠢᠲᠡᠪᠤᠷᠢᠵᠢᠭᠤᠯᠵᠤ᠂ ᠢᠳᠡᠪᠬᠢᠲᠠᠢ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠬᠠᠷᠠᠯᠲᠠ ᠪᠠᠨ ᠴᠢᠩᠭ᠎ᠠ ᠠᠩᠬᠠᠷᠴᠤ᠂ ᠲᠠᠯᠲᠠ ᠬᠦᠴᠦᠨ ᠢ ᠭᠦᠨ ᠠᠭᠤᠳᠠᠯᠵᠤ᠂ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠪᠠᠶᠠᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠲᠦᠷᠤᠯ  ᠵᠦᠢᠯ ᠤᠨ ᠲᠦᠯᠤᠪᠵᠢᠭᠦᠯᠭᠡ ᠨᠦᠭᠡᠴᠡ ᠶᠢ ᠬᠦᠨᠵᠡᠭᠡᠢ ᠠᠬᠢᠭᠤᠯᠵᠤ ᠪᠣᠳᠠᠳᠠᠶᠢᠵᠢᠭᠤᠯᠤᠨ᠂ ᠠᠵᠤ ᠦᠢᠯᠡᠰ ᠤᠨ ᠪᠦᠲᠤᠴᠠ ᠶᠢᠨ ᠪᠠᠶᠢᠷᠢᠰᠢᠭᠤᠯᠤᠯᠲᠠ ᠶᠢ ᠵᠣᠬᠢᠰᠲᠠᠢ ᠰᠢᠯᠢᠳᠡᠭᠵᠢᠭᠦᠯᠵᠦ᠂ ᠭᠤᠣᠯᠳᠡᠯᠭ᠎ᠠ ᠲᠠᠢ ᠲᠦᠷᠤᠯ ᠵᠦᠢᠯ ᠤᠨ ᠲᠦᠷᠭᠡᠨ ᠬᠡᠷᠡᠭᠵᠢᠭᠦᠯᠦᠭᠳᠡᠵᠦ᠂ ᠡᠷᠲᠡᠭᠡᠨ ᠦᠷ᠎ᠡ ᠪᠦᠲᠣᠮᠵᠢ ᠣᠯᠬᠤ ᠶᠢ ᠪᠠᠲᠤᠯᠠᠬᠤ ᠬᠡᠷᠡᠭᠲᠡᠢ᠃ ᠬᠥᠭᠵᠢᠯᠲᠡ ᠶᠢᠨ ᠳᠤᠮᠲᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ ᠳᠤᠲᠠᠭᠤᠳᠠᠯ ᠢ ᠨᠥᠭᠦᠪᠥᠷᠢᠯᠡᠵᠤ᠂ ᠭᠤᠣᠯᠳᠠᠯᠭ᠎ᠠ ᠲᠠᠢ ᠬᠥᠮᠤᠰ ᠤᠨ ᠠᠵᠢᠯ ᠤᠯᠭᠤᠯᠲᠠ᠂ ᠬᠦᠴᠢᠷᠳᠡᠯᠲᠠᠢ ᠤᠯᠠᠨ ᠲᠦᠮᠡᠨ ᠢ ᠬᠠᠪᠰᠤᠷᠣᠨ ᠲᠡᠳᠭᠦᠬᠦ᠂ ᠠᠮᠤ ᠪᠤᠳᠠᠭᠠᠨ ᠤ ᠦᠢᠯᠡᠳᠪᠤᠷᠢᠯᠡᠯ ᠤᠨ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠦᠯᠤᠪᠵᠢᠭᠦᠯᠤᠨ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠣᠭᠤᠮ ᠢ ᠦᠨᠡᠨ ᠬᠦ ᠪᠠᠲᠤ ᠰᠠᠬᠢᠬᠤ ᠬᠡᠷᠡᠭᠲᠡᠢ ᠬᠡᠪᠡ᠃        ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠶᠠᠷᠢᠯᠴᠠᠪᠠ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号