ᠠᠷᠤ ᠬᠤᠷᠴᠢᠨ ᠬᠤᠰᠢᠭᠤᠨ ᠳᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠰᠢᠨ᠎ᠠ ᠪᠠᠷ 1 | ᠨᠡᠮᠡᠭᠳᠡᠵᠦ᠂ 9 ᠰᠠᠷ᠎ᠠ ᠶᠢᠨ 2 ᠤᠨ ᠦᠳᠡ ᠶᠢᠨ ᠡᠮᠦᠨ᠎ᠠ᠂ ᠠᠷᠤ ᠬᠤᠷᠴᠢᠨ ᠬᠤᠰᠢᠭᠤᠨ ᠤ ᠰᠢᠭᠤᠳ ᠬᠠᠷᠢᠶ᠎ᠠ | ᠪᠠᠶᠢᠭᠤᠯᠭ᠎ᠠ ᠲᠠᠪᠤᠳᠤᠭᠠᠷ ᠬᠡᠦᠭᠡᠳ ᠤᠨ ᠴᠠᠴᠡᠷᠯᠢᠭ ᠤᠨ ᠴᠡᠴᠡᠷᠯᠢᠭ ᠡᠬᠢᠯᠡᠬᠦ ᠶᠣᠰᠣᠯᠠᠯ ᠶᠠᠪᠤᠭᠳᠠᠨ᠂ ᠬᠥᠭᠵᠢᠯ ᠤᠨ | ᠰᠢᠨ᠎ᠡ ᠠᠶᠠᠨ ᠢᠶᠠᠨ ᠵᠢᠩᠬᠢᠨᠢ ᠪᠠᠷ ᠡᠬᠢᠯᠡᠭᠦᠯᠪᠡ᠃ | | | | | | | | ᠲᠤᠬᠠᠢ ᠶᠢᠨ ᠡᠳᠦᠷ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠵᠦ᠂ ᠬᠡᠦᠬᠡᠳ ᠤᠳ ᠲᠠᠩᠰᠤᠭ | ᠰᠠᠶᠢᠬᠠᠨ ᠬᠡᠦᠭᠡᠳ ᠤᠨ ᠴᠡᠴᠡᠷᠯᠢᠭ ᠤᠨ ᠠᠮᠢᠳᠤᠷᠠᠯ ᠳᠤ ᠵᠢᠩᠭᠢᠨᠢ ᠪᠠᠷ ᠠᠯᠬᠤᠨ ᠣᠷᠣᠵᠤ᠂ ᠭᠡᠷ ᠤᠨ | ᠠᠬᠠᠮᠠᠳ ᠤᠨ ᠢᠶᠠᠨ ᠳᠠᠭᠠᠭᠤᠯᠭ᠎ᠠ ᠳᠣᠣᠷ᠎ᠠ ᠰᠢᠨ᠎ᠠ ᠠᠩᠭᠢ᠂ ᠰᠢᠨ᠎ᠠ ᠪᠠᠭᠰᠢ ᠪᠣᠯᠣᠨ ᠰᠢᠨ᠎ᠡ ᠨᠠᠶᠢᠵᠠ ᠨᠠᠷ ᠲᠠᠢ ᠪᠠᠨ | ᠪᠠᠶᠠᠷ ᠬᠦᠷ ᠲᠠᠢ ᠪᠠᠷ ᠠᠭᠤᠯᠵᠠᠨ ᠲᠠᠨᠢᠯᠴᠠᠵᠤ᠂ ᠰᠣᠨᠢᠷᠷᠬᠠᠯᠲᠠᠢ ᠬᠥᠳᠡᠯᠭᠡᠭᠡᠨ ᠨᠠᠭᠠᠳᠤᠮ ᠤᠨ ᠲᠤᠮᠳᠠ ᠬᠠᠷᠢᠯᠴᠠᠨ | ᠣᠶᠢᠯᠠᠭᠠᠯᠴᠠᠨ ᠬᠠᠮᠲᠤ ᠪᠠᠷ ᠬᠠᠶᠢᠨ ᠰᠦᠪᠡᠭᠴᠢᠯᠠᠯᠲᠠ ᠬᠢᠵᠦ᠂ ᠬᠠᠮᠲᠤ ᠶᠢᠨ ᠠᠮᠢᠳᠤᠷᠠᠯ ᠤᠨ ᠬᠠᠯᠠᠭᠤᠨ ᠲᠤᠯᠠᠭᠠᠨ | ᠪᠠ ᠪᠠᠶᠠᠷ ᠪᠠᠶᠠᠰᠤᠯ ᠢ ᠮᠡᠳᠡᠷᠡᠨ ᠥᠩᠭᠡᠷᠡᠭᠦᠯᠪᠡ᠃ | | | | | | | | ᠠᠷᠤ ᠬᠤᠷᠴᠢᠨ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠲᠠᠪᠤᠳᠤᠭᠠᠷ ᠬᠡᠦᠬᠡᠳ ᠤᠨ ᠴᠠᠴᠡᠷᠯᠢᠭ | ᠨᠢ ᠴᠢᠪᠠᠭ᠎ᠠ ᠪᠠᠯᠭᠠᠰᠤ ᠶᠢᠨ ᠰᠢᠤᠸᠠᠢ ᠶᠤᠸᠠᠨ ᠵᠠᠮ ᠤᠨ ᠪᠠᠷᠠᠭᠤᠨ ᠴᠢᠪᠠᠭ᠎ᠠ ᠶᠡᠭᠡ ᠵᠡᠭᠡᠯᠢ ᠶᠢᠨ ᠡᠮᠦᠨ᠎ᠠ ᠲᠠᠯ᠎ᠠ ᠳᠤ | ᠪᠠᠶᠢᠷᠢᠯᠠᠵᠤ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠠ ᠦᠵᠡᠭᠦᠯᠬᠦ ᠬᠡᠦᠭᠡᠳ ᠤᠨ ᠴᠡᠴᠡᠷᠯᠢᠭ ᠤᠨ ᠪᠠᠷᠢᠮᠵᠢᠶ᠎ᠠ | ᠶᠣᠰᠣᠭᠠᠷ ᠪᠠᠶᠢᠭᠤᠯᠤᠭᠳᠠᠭᠰᠠᠨ ᠰᠤᠷᠭᠠᠨ ᠬᠥᠮᠦᠵᠢᠯ ᠤᠨ ᠲᠣᠪᠴᠢᠶ᠎ᠡ ᠠᠴᠠ ᠬᠠᠮᠢᠶᠡᠷᠤᠯ ᠲᠠᠢ ᠠᠯᠪᠠᠨ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠣᠨ᠎ᠠ᠃ ᠴᠡᠴᠡᠷᠯᠢᠭ ᠤᠨ ᠡᠵᠡᠯᠡᠬᠦ ᠳᠡᠯᠡᠪᠡᠢ ᠨᠢ 10000 ᠲᠡᠭᠰᠢ | ᠲᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ 5500 ᠲᠡᠭᠰᠢ ᠲᠥᠷᠪᠠᠯᠵᠢᠨ ᠮᠧᠲᠷ᠂ ᠨᠠᠶᠢᠳᠠ 12 ᠵᠢᠭᠠᠨ | ᠰᠤᠷᠭᠠᠬᠤ ᠠᠩᠭᠢ ᠲᠠᠢ ᠪᠠᠶᠢᠵᠤ᠂ 360 ᠬᠡᠦᠬᠡᠳ ᠢ ᠪᠠᠭᠲᠠᠭᠠᠵᠤ ᠲᠠᠶᠢᠯᠤᠨ᠋ᠠ᠃ | ᠴᠦ᠋ ᠰᠢᠨ᠎ᠡ ᠬᠡᠦᠬᠡᠳ ᠤᠨ ᠴᠡᠴᠡᠷᠯᠢᠭ ᠲᠤ ᠤᠴᠢᠬᠤ ᠪᠠᠷ᠂ ᠭᠤᠶᠤ ᠬᠡᠭᠡᠨᠴᠢᠷ ᠴᠠᠴᠡᠷᠯᠢᠭ ᠤᠨ ᠣᠷᠴᠢᠨ | ᠨᠥᠬᠦᠴᠠᠯ ᠨᠢ ᠤᠯᠠᠨ ᠤ ᠠᠩᠬᠠᠷᠤᠯ ᠢ ᠲᠠᠲᠠᠵᠤ ᠪᠠᠶᠢᠯ᠎ᠠ᠃ ᠬᠢᠴᠢᠶᠠᠯ ᠤᠨ ᠭᠡᠷ ᠨᠢ ᠲᠣᠬᠢᠯᠢᠭ ᠰᠠᠶᠢᠬᠠᠨ᠂ ᠵᠤᠭ᠎ᠠ | ᠴᠠᠩᠭᠡᠯ ᠤᠨ ᠲᠥᠬᠦᠭᠡᠷᠤᠮᠵᠢ ᠪᠦᠷᠢᠨ ᠮᠥᠷᠲᠡᠭᠡᠨ ᠣᠳᠣᠬᠢᠴᠢᠯᠠᠭᠰᠠᠨ ᠡᠯ᠎ᠡ ᠵᠦᠢᠯ ᠤᠨ ᠲᠥᠭᠦᠭᠡᠷᠤᠮᠵᠢ ᠨᠢ ᠠᠮᠤᠷ | ᠲᠦᠪᠰᠢᠨ᠂ ᠣᠷᠴᠢᠨ ᠤ ᠪᠣᠬᠢᠷᠳᠤᠯ ᠦᠭᠡᠢ ᠪᠠᠶᠢᠵᠦ᠂ ᠰᠢᠯᠢᠳᠡᠭ ᠰᠠᠶᠢᠨ ᠨᠥᠬᠦᠴᠡᠯ ᠢ ᠪᠦᠷᠢᠯᠳᠦᠭᠦᠯᠪᠡ᠃ | ᠭᠡᠷ ᠤᠨ ᠭᠠᠳᠠᠨᠠᠬᠢ ᠡᠯᠡᠰᠦ ᠤᠰᠤ ᠰᠢᠪᠠᠷ ᠤᠨ ᠨᠠᠭᠠᠳᠤᠮ ᠤᠨ ᠲᠣᠭᠤᠷᠢᠭ᠂ ᠰᠢᠷᠦᠭᠦᠨ ᠦᠷᠢᠰᠤᠯᠳᠦᠭᠡᠨ | ᠲᠠᠢ ᠨᠠᠭᠠᠳᠤᠮ ᠤᠨ ᠲᠣᠭᠤᠷᠢᠭ᠂ ᠵᠡᠷᠭᠡᠯᠡᠭᠡ ᠮᠣᠳᠣᠨ ᠤ ᠨᠠᠭᠠᠳᠤᠮ ᠤᠨ ᠲᠣᠭᠤᠷᠢᠭ ᠵᠡᠷᠭᠡ 12 ᠲᠣᠭᠯᠠᠭᠠᠮ ᠤᠨ | ᠲᠣᠭᠤᠷᠢᠭ ᠲᠤ ᠬᠡᠦᠬᠡᠳ ᠤᠳ ᠪᠠ ᠭᠡᠷ ᠤᠨ ᠠᠬᠠᠮᠠᠳ ᠨᠠᠷ ᠬᠠᠮᠲᠤ ᠪᠠᠷ ᠨᠠᠭᠠᠳᠴᠤ᠂ ᠴᠡᠴᠡᠷᠯᠢᠭ ᠤᠨ ᠬᠦᠷᠢᠶ᠎ᠡ | ᠪᠠᠶᠠᠷ ᠬᠦᠷ ᠢᠶᠠᠷ ᠪᠢᠯᠬᠠᠯ᠎ᠠ᠃ | | | | | | | | ᠭᠡᠷ ᠤᠨ ᠲᠣᠲᠤᠷᠠᠬᠢ ᠤᠤᠭᠤᠬᠤ ᠤᠰᠤᠨ ᠤ ᠲᠣᠭᠤᠷᠢᠭ᠂ ᠵᠢᠮᠢᠰ ᠢᠳᠡᠭᠡᠨ ᠤ ᠲᠣᠭᠤᠷᠢᠭ᠂ | ᠰᠢᠳᠡᠷ᠎ᠡ ᠶᠢᠨ ᠲᠦᠷᠥᠯ ᠤᠨ ᠲᠣᠭᠯᠠᠭᠠᠮ ᠤᠨ ᠲᠣᠭᠤᠷᠢᠭ᠂ ᠲᠥᠷᠥᠭᠰᠡᠨ ᠡᠳᠦᠷ ᠢ ᠪᠡᠯᠭᠡᠯᠡᠬᠦ ᠠᠵᠢᠯᠯᠠᠭᠠᠨ ᠤ | ᠲᠣᠭᠤᠷᠢᠭ ᠵᠡᠷᠭᠡ 20 ᠲᠣᠭᠯᠠᠭᠠᠮ ᠤᠨ ᠲᠣᠭᠤᠷᠢᠭ ᠨᠢ ᠰᠢᠨᠵᠢᠯᠡᠬᠦ ᠤᠬᠠᠭᠠᠨᠴᠢ ᠪᠠᠶᠢᠷᠢᠰᠢᠭᠤᠯᠤᠯᠲᠠ ᠲᠠᠢ ᠪᠠᠶᠢᠵᠤ᠂ | ᠣᠷᠴᠢᠨ ᠲᠤᠭᠤᠷᠢᠨ ᠨᠢ ᠭᠤᠶᠤ ᠦᠵᠠᠮᠵᠢᠲᠠᠢ ᠬᠠᠷᠬᠠᠳᠠᠨ᠂ ᠬᠡᠦᠬᠡᠳ ᠪᠠᠭᠠᠴᠤᠳ ᠤᠨ ᠰᠤᠷᠤᠯᠴᠠᠯᠭ᠎ᠠ | ᠠᠮᠢᠳᠤᠷᠠᠯ ᠤᠨ ᠬᠢᠨᠢ ᠪᠠᠶᠠᠷ ᠵᠢᠷᠭᠠᠯᠲᠠᠢ ᠭᠡᠷ ᠣᠷᠣᠨ ᠪᠣᠯᠬᠤ ᠨᠢ ᠳᠠᠮᠵᠢᠭ ᠦᠭᠡᠢ᠃ | ᠠᠷᠤ ᠬᠤᠷᠴᠢᠨ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠲᠠᠪᠤᠳᠤᠭᠠᠷ ᠬᠡᠦᠬᠡᠳ ᠤᠨ | ᠴᠡᠴᠡᠷᠯᠢᠭ ᠤᠨ ᠴᠡᠴᠡᠷᠯᠢᠭ ᠡᠬᠢᠯᠡᠬᠦ ᠶᠣᠰᠣᠯᠠᠯ ᠨᠢ ᠶᠣᠰᠣᠯᠠᠯ ᠲᠡᠳᠦᠢ ᠯᠠ ᠪᠢᠰᠢ᠂ ᠨᠡᠩ ᠴᠦ ᠴᠦ᠋ ᠰᠢᠨ᠎ᠡ | ᠡᠬᠢᠯᠠᠯᠯᠲᠠ ᠪᠣᠯᠣᠨ᠋ᠠ᠃ ᠲᠠᠪᠤᠳᠤᠭᠠᠷ ᠬᠡᠦᠭᠡᠳ ᠤᠨ ᠴᠠᠴᠡᠷᠯᠢᠭ ᠨᠢ ᠨᠢᠭᠡᠨ ᠰᠢᠨ᠎ᠡ ᠪᠠᠷ ᠪᠠᠶᠢᠭᠤᠯᠤᠭᠳᠠᠭᠰᠠᠨ | ᠦᠨᠲᠤᠷ ᠪᠠᠷᠢᠮᠵᠢᠶᠠᠲᠤ ᠬᠡᠭᠡᠳ ᠤᠨ ᠴᠠᠴᠡᠷᠯᠢᠭ ᠪᠣᠯᠣᠭᠰᠠᠨ ᠤ ᠬᠤᠪᠢ ᠳᠤ᠂ ᠬᠡᠦᠬᠡᠳ ᠪᠠᠭᠠᠴᠤᠳ ᠢ ᠪᠠᠶᠠᠷ ᠬᠦᠷ | ᠲᠠᠢ ᠦᠰᠬᠡᠨ ᠪᠣᠶᠢᠵᠢᠭᠤᠯᠵᠤ᠂ ᠭᠡᠷ ᠤᠨ ᠠᠬᠠᠮᠠᠳ ᠰᠠᠨᠠᠭ᠎ᠠ ᠠᠮᠤᠷ ᠰᠡᠳᠬᠢᠯ ᠬᠠᠨᠤᠮᠵᠢᠲᠠᠢ᠂ ᠨᠡᠶᠢᠭᠡᠮ ᠨᠡᠶᠢᠲᠡ ᠳᠤ | ᠳᠡᠭᠡᠲᠦ ᠬᠡᠮᠵᠢᠶ᠎ᠡ ᠪᠠᠷ ᠮᠡᠳᠡᠷᠡᠭᠳᠡᠭᠰᠡᠨ ᠴᠠᠴᠡᠷᠯᠢᠭ ᠡᠷᠬᠢᠯᠡᠬᠦ ᠬᠥᠭᠡᠭᠡᠴᠡᠯᠳᠦᠯ ᠢ ᠪᠣᠢ ᠪᠣᠯᠭᠠᠨ᠂ ᠴᠢᠨᠠᠷ ᠰᠠᠶᠢᠲᠠᠢ | ᠬᠥᠭᠵᠢᠯᠲᠠ᠂ ᠠᠭᠤᠯᠤᠭᠳᠠᠬᠤᠨ ᠲᠠᠢ ᠬᠥᠭᠵᠢᠯᠲᠡ᠂ ᠣᠨᠴᠠᠯᠢᠭ ᠲᠠᠢ ᠬᠥᠭᠵᠢᠯᠲᠡ ᠪᠠᠷ ᠴᠠᠴᠡᠷᠯᠢᠭ ᠡᠷᠭᠢᠯᠡᠬᠦ | ᠬᠠᠷᠠᠯᠲᠠ ᠪᠠᠨ ᠪᠣᠯᠭᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠤᠯᠠᠨ ᠤ ᠭᠡᠷ ᠤᠨ ᠡᠭᠦᠳᠡᠨ ᠳᠠᠬᠢ | ᠲᠦᠭᠡᠮᠡᠯ ᠬᠠᠷᠠᠭᠠᠯᠵᠡᠯᠲᠤ ᠬᠡᠭᠡᠳ ᠤᠨ ᠴᠡᠴᠡᠷᠯᠢᠭ ᠢ ᠰᠠᠶᠢᠲᠤᠷ ᠡᠷᠬᠢᠯᠡᠬᠦ ᠪᠣᠯᠣᠨ᠎ᠠ᠃ ︵ᠵᠣᠣ ᠶᠠ ᠨᠠᠨ︶ | | |