9 ᠰᠠᠷ᠎ᠠ ᠶᠢᠨ 3 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠲᠡᠳ᠋ ᠡᠷᠭᠢᠯᠡᠭᠴᠢ ᠯᠥᠸᠧ ᠰᠢᠤ ᠶᠠᠨ᠂ ᠬᠤᠲᠠ ᠶᠢᠨ ᠠᠷᠠᠳ ᠤᠨ | ᠲᠥᠯᠣᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠨᠡᠶᠢᠭᠡᠮ ᠤᠨ ᠪᠠᠶᠢᠭᠤᠯᠤᠯᠲᠠ ᠶᠢᠨ | ᠠᠵᠢᠯ ᠤᠨ ᠵᠥᠪᠯᠡᠯ ᠤᠨ ᠡᠷᠭᠢᠯᠡᠭᠴᠢ ᠼᠦᠢ ᠭᠤᠸᠠᠩ ᠴᠢᠩ ᠨᠠᠷ ᠠᠷᠤ ᠬᠤᠷᠴᠢᠨ ᠬᠤᠰᠢᠭᠤᠨ ᠳᠤ ᠵᠠᠬᠢᠳᠠᠯ | ᠰᠤᠷᠪᠤᠯᠵᠢᠯᠠᠯ ᠪᠠ ᠲᠣᠭᠳᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ | ᠬᠤᠰᠢᠭᠤᠨ ᠠᠷᠠᠳ ᠤᠨ ᠲᠦᠯᠣᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ | ᠵᠠᠩ ᠰᠢᠣᠢ ᠫᠧᠩ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠲᠤ ᠶᠢ ᠬᠠᠮᠠᠭᠠᠯᠠᠬᠤ | ᠳᠣᠪᠴᠢᠶ᠎ᠠ ᠶᠢᠨ ᠳᠠᠷᠤᠭ᠎ᠠ ᠸᠠᠩ ᠵᠢᠩ ᠯᠦᠩ ᠪᠠᠶᠢᠴᠠᠭᠠᠨ ᠰᠤᠳᠤᠯᠤᠯᠲᠠ ᠳᠤ ᠣᠷᠤᠯᠴᠠᠵᠠᠢ᠃ | | | | ᠯᠦᠸᠧ ᠰᠢᠤ ᠶᠠᠨ ᠨᠠᠷ ᠤᠷᠢᠳ ᠬᠤᠵᠢᠳ ᠠᠷᠤ ᠬᠤᠷᠴᠢᠨ ᠬᠤᠰᠢᠭᠤᠨ ᠤ ᠵᠠᠬᠢᠳᠠᠯ ᠰᠤᠷᠪᠤᠯᠵᠢᠯᠠᠯ ᠤᠨ | ᠲᠣᠪᠴᠢᠶ᠎ᠠ᠂ ᠠᠷᠠᠳ ᠤᠨ ᠰᠢᠭᠦᠬᠦ ᠬᠤᠷᠢᠶᠠᠨ ᠳᠤ ᠬᠦᠨᠵᠠᠭᠡᠶᠢᠷᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠢ | ᠬᠠᠣᠯᠢᠵᠢᠭᠤᠯᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠰᠡᠣᠡᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ | ᠬᠡᠷᠡᠭᠯᠠᠨ ᠵᠠᠬᠢᠳᠠᠯ ᠰᠤᠷᠪᠤᠯᠵᠢᠯᠠᠯ ᠤᠨ ᠠᠵᠢᠯ ᠢ ᠰᠦᠪᠡᠭᠴᠢᠯᠠᠨ ᠠᠬᠢᠭᠤᠯᠵᠤ ᠪᠠᠶᠢᠭ᠎ᠠ ᠪᠠᠶᠢᠳᠠᠯ᠂ ᠬᠤᠰᠢᠭᠤᠨ ᠰᠢᠭᠦᠬᠦ | ᠬᠤᠷᠢᠶ᠎ᠠ ᠶᠢᠨ ᠵᠠᠷᠭᠤ ᠶᠢᠨ ᠣᠶᠢᠯᠠᠴᠢᠯᠡᠭᠡᠨ ᠤ ᠲᠥᠪ ᠤᠨ ᠠᠵᠢᠯ ᠦᠷᠨᠢᠭᠦᠯᠦᠭᠰᠡᠨ ᠪᠠᠶᠢᠳᠠᠯ ᠤᠨ ᠲᠣᠬᠠᠢ ᠬᠠᠷᠢᠭᠤ | ᠮᠡᠳᠡᠭᠦᠯᠣᠯᠲᠠ ᠶᠢ ᠰᠤᠨᠣᠰᠣᠭᠰᠠᠨ ᠪᠦᠭᠡᠳ ᠬᠤᠰᠢᠭᠤ ᠰᠢᠶᠠᠨ ᠤ ᠵᠠᠬᠢᠳᠠᠯ ᠰᠤᠷᠪᠤᠯᠵᠢᠯᠠᠯ ᠤᠨ ᠲᠣᠭᠳᠠᠭᠤᠨ ᠢ | ᠬᠠᠮᠠᠭᠠᠯᠠᠭᠰᠠᠨ ᠪᠠᠶᠢᠳᠠᠯ᠂ ᠵᠠᠬᠢᠳᠠᠯ ᠰᠤᠷᠪᠤᠯᠵᠢᠯᠠᠯ ᠤᠨ ᠬᠡᠷᠡᠭ ᠤᠨ ᠲᠤᠷᠰᠢᠯᠭ᠎ᠠ ᠠᠷᠭ᠎ᠠ ᠬᠡᠮᠵᠢᠶ᠎ᠡ ᠵᠢᠴᠢ ᠠᠵᠢᠯ ᠤᠨ | ᠳᠤᠮᠳᠠ ᠤᠷᠣᠰᠢᠵᠤ ᠪᠠᠶᠢᠭ᠎ᠠ ᠠᠰᠠᠭᠤᠳᠠᠯ ᠤᠨ ᠲᠤᠭᠤᠷᠢᠨ ᠳᠤ ᠰᠠᠨᠠᠯ ᠢᠶᠠᠨ ᠰᠤᠯᠢᠯᠴᠠᠵᠤ ᠰᠤᠳᠤᠯᠤᠨ ᠶᠠᠷᠢᠯᠴᠠᠪᠠ᠃ | | | | ᠶᠠᠷᠢᠯᠴᠠᠬᠤ ᠬᠤᠷᠠᠯ ᠳᠡᠭᠡᠷ᠎ᠡ᠂ ᠸᠠᠩ ᠵᠢᠩ ᠯᠦᠩ ᠬᠤᠰᠢᠭᠤᠨ ᠵᠠᠬᠢᠳᠠᠯ ᠰᠤᠷᠪᠤᠯᠵᠢᠯᠠᠯ ᠤᠨ | ᠲᠣᠭᠳᠠᠭᠤᠨ ᠢ ᠬᠠᠮᠠᠭᠠᠯᠠᠬᠤ ᠠᠵᠢᠯ ᠦᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠠᠢ᠃ | ᠬᠤᠰᠢᠭᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠲᠤᠲᠤᠭᠠᠲᠤ ᠶᠢ | ᠬᠠᠮᠠᠭᠠᠯᠠᠬᠤ ᠲᠤᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠤᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ | ᠵᠡᠷᠭᠡ ᠪᠠᠶᠢᠭᠤᠯᠭ᠎ᠠ ᠶᠢᠨ ᠬᠠᠮᠢᠶ᠎ᠠ ᠪᠦᠬᠦᠢ ᠠᠵᠢᠯᠳᠠᠨ ᠳᠠᠰ ᠲᠠᠷᠠᠭᠠᠯᠠᠨ ᠬᠠᠷᠢᠭᠤ ᠮᠡᠳᠡᠭᠦᠯᠦᠯᠲᠠ ᠬᠢᠪᠠ᠃ | | | | ᠯᠦᠸᠧ ᠰᠢᠤ ᠶᠠᠨ ᠠᠷᠤ ᠬᠤᠷᠴᠢᠨ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠭᠳᠠᠭᠤᠨ ᠢ | ᠬᠠᠮᠠᠭᠠᠯᠠᠬᠤ ᠠᠵᠢᠯ ᠢ ᠨᠤᠳᠠᠯᠠᠵᠤ ᠪᠠᠶᠢᠬᠤ ᠪᠠᠨ ᠢᠯᠠᠳᠬᠡᠪᠠ᠃ ᠲᠡᠷᠡ ᠰᠢᠨ᠎ᠠ ᠪᠠᠶᠢᠳᠠᠯ ᠤᠨ ᠲᠣᠣᠷᠠᠬᠢ ᠵᠠᠬᠢᠳᠠᠯ | ᠰᠤᠷᠪᠤᠯᠵᠢᠯᠠᠯ ᠤᠨ ᠠᠵᠢᠯ ᠳᠤ ᠡᠬᠢ ᠪᠠᠶᠠᠯᠢᠭ ᠢ ᠢᠳᠠᠪᠬᠢᠲᠠᠢ ᠪᠠᠷ ᠡᠬᠢᠯᠠᠨ ᠨᠠᠶᠢᠯᠡᠭᠦᠯᠵᠦ᠂ ᠬᠠᠤᠯᠢ ᠪᠠᠷ ᠵᠠᠰᠠᠬᠤ | ᠣᠬᠠᠭᠤᠯᠭ᠎ᠠ᠂ ᠲᠤᠭᠠᠴᠢᠯᠠᠯᠲᠠ ᠶᠢᠨ ᠪᠠᠶᠢᠭᠤᠯᠤᠯᠲᠠ᠂ ᠲᠤᠭᠠᠴᠢᠯᠠᠯᠲᠠ ᠶᠢᠨ ᠴᠢᠳᠠᠪᠤᠷᠢ ᠤᠯᠭᠤᠬᠤ᠂ ᠰᠡᠣᠡᠬᠢᠴᠠ | ᠶᠢᠨ ᠵᠢᠯᠣᠭᠤᠳᠣᠯᠭ᠎ᠠ ᠬᠢᠬᠦ ᠵᠠᠷᠭᠡ ᠲᠠᠯ᠎ᠠ ᠲᠠᠢ ᠤᠶᠠᠯᠳᠤᠭᠤᠯᠤᠨ᠂ ᠡᠮᠬᠢ ᠲᠢᠭᠯᠢᠮ ᠲᠠᠢ᠂ ᠬᠠᠤᠯᠢ ᠪᠠᠷ ᠵᠠᠰᠠᠬᠤ | ᠵᠠᠬᠢᠳᠠᠯ ᠰᠤᠷᠪᠤᠯᠵᠢᠯᠠᠯ ᠤᠨ ᠶᠠᠪᠤᠴᠠ ᠶᠢ ᠪᠠᠶᠠᠯᠡᠭᠦᠯᠬᠦ ᠬᠡᠷᠡᠭᠲᠠᠢ᠃ ᠵᠠᠬᠢᠳᠠᠯ ᠰᠤᠷᠪᠤᠯᠵᠢᠯᠠᠯ ᠤᠨ ᠲᠣᠭᠳᠠᠭᠤᠨ | ᠪᠠᠶᠢᠳᠠᠯ ᠢ ᠬᠠᠮᠠᠭᠠᠯᠠᠬᠤ ᠠᠵᠢᠯ ᠦᠷᠨᠢᠭᠦᠯᠬᠦ ᠳᠤ ᠪᠠᠷᠠᠭᠠᠯᠬᠢᠯᠠᠯᠲᠤ ᠴᠢᠨᠠᠷ ᠪᠠ ᠬᠠᠳᠤᠯᠭᠠᠲᠤ ᠴᠢᠨᠠᠷ ᠲᠠᠢ ᠪᠠᠶᠢᠵᠤ᠂ ︽ | ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠢ ᠬᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ | ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠭᠤᠯᠤᠯᠲᠠ ᠶᠢ ᠲᠦᠯᠬᠢᠨ ᠠᠬᠢᠭᠤᠯᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠡᠵᠠᠮᠳᠡᠬᠦ᠂ ᠡᠷᠲᠡ ᠠᠴᠠ ᠠᠷᠢᠯᠭᠠᠬᠤ᠂ ᠰᠠᠭᠤᠷᠢ ᠶᠢ | ᠪᠠᠲᠤᠳᠬᠠᠬᠤ ᠬᠡᠷᠡᠭᠲᠡᠢ᠃ ᠬᠠᠮᠲᠤᠷᠠᠨ ᠬᠥᠳᠠᠯᠤᠯᠴᠠᠬᠦ ᠲᠣᠭᠲᠠᠴᠠ ᠶᠢ ᠪᠠᠶᠢᠭᠤᠯᠵᠤ᠂ ᠰᠢᠨ᠎ᠠ ᠴᠠᠭ ᠦᠶ᠎ᠡ ᠶᠢᠨ | ᠵᠠᠬᠢᠳᠠᠯ ᠰᠤᠷᠪᠤᠯᠵᠢᠯᠠᠯ ᠤᠨ ᠠᠵᠢᠯ ᠤᠨ ᠬᠢᠷᠢ ᠲᠦᠪᠰᠢᠨ ᠤ ᠳᠡᠭᠡᠭᠰᠢᠯᠠᠯᠲᠠ ᠶᠢ ᠠᠬᠢᠭᠤᠯᠵᠤ᠂ ᠪᠥᠬᠦ ᠬᠤᠰᠢᠭᠤᠨ ᠤ | ᠵᠠᠬᠢᠳᠠᠯ ᠰᠤᠷᠪᠤᠯᠵᠢᠯᠠᠯ ᠤᠨ ᠬᠠᠤᠯᠢ ᠪᠠᠷ ᠵᠠᠰᠠᠬᠤ ᠴᠢᠨᠠᠷ ᠰᠠᠶᠢᠲᠠᠢ ᠬᠥᠭᠵᠢᠯᠲᠠ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ ︵ᠵᠣᠣ ᠶᠠ ᠨᠠᠨ᠂ ᠣᠷᠭᠤᠮᠠᠯ︶ |