9 ᠰᠠᠷ᠎ᠠ ᠶᠢᠨ 3 ᠤ ᠡᠳᠦᠷ᠂ ᠠᠷᠪᠠᠨ ᠳᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ | ᠬᠤᠷᠢᠶᠠᠨ ᠤ ᠵᠢᠷᠭᠤᠳᠤᠭᠠᠷ ᠡᠭᠡᠯᠵᠢ ᠶᠢᠨ ᠨᠢᠭᠡᠳᠦᠭᠡᠷ ᠲᠤᠭᠤᠷᠢᠨ ᠪᠠᠶᠢᠴᠠᠭᠠᠬᠤ ᠲᠣᠭᠤᠶᠢᠯᠠᠩ ᠤᠨ ᠲᠣᠭᠤᠷᠢᠨ | ᠪᠠᠶᠢᠴᠠᠭᠠᠬᠤ ᠪᠠᠷ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠨᠠᠮ ᠤᠨ | ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠣᠳᠣᠷᠢᠣᠡᠬᠤ ᠲᠣᠭᠤᠶᠢᠯᠠᠩ ᠤᠨ ᠪᠦᠷᠢᠯᠳᠦᠭᠦᠨ᠂ ᠬᠤᠰᠢᠭᠤᠨ | ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠭᠢᠯᠡᠭᠴᠢ᠂ ᠨᠢᠭᠡᠳᠦᠭᠡᠷ ᠲᠣᠭᠤᠷᠢᠨ | ᠪᠠᠶᠢᠴᠠᠭᠠᠬᠤ ᠲᠣᠭᠤᠶᠢᠯᠠᠩ ᠤᠨ ᠪᠥᠬᠦ ᠪᠦᠷᠢᠯᠳᠦᠭᠦᠨ᠂ ᠬᠤᠰᠢᠭᠤᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠠᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ᠂ ᠨᠡᠶᠢᠭᠡᠮ ᠤᠨ | ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ | ᠤᠳᠤᠷᠢᠳᠬᠤ ᠪᠠᠭ ᠤᠨ ᠪᠦᠷᠢᠯᠳᠦᠭᠦᠨ ᠪᠠ ᠪᠠᠶᠢᠭᠤᠯᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃ | | | | ᠬᠤᠷᠠᠯ ᠳᠡᠭᠡᠷ᠎ᠡ᠂ ᠬᠤᠰᠢᠭᠤᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠨᠢᠭᠡᠳᠦᠭᠡᠷ | ᠲᠤᠭᠤᠷᠢᠨ ᠪᠠᠶᠢᠴᠠᠭᠠᠬᠤ ᠲᠤᠭᠤᠶᠢᠯᠠᠩ ᠤᠨ ᠳᠠᠷᠤᠭ᠎ᠠ ᠠᠴᠠ ᠠᠷᠪᠠᠨ ᠳᠠᠪᠤᠳᠤᠭᠠᠷ ᠬᠤᠭᠤᠴᠠᠭᠠᠨ ᠤ ᠬᠤᠰᠢᠭᠤᠨ | ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠭᠤᠷᠢᠨ ᠪᠠᠶᠢᠴᠠᠭᠠᠬᠤ ᠡᠭᠦᠷᠭᠡ ᠪᠠ | ᠠᠵᠢᠯ ᠤᠨ ᠲᠣᠬᠢᠷᠠᠭᠤᠯᠤᠯᠲᠠ ᠶᠢ ᠮᠡᠳᠡᠭᠳᠡᠵᠦ᠂ ᠲᠣᠭᠤᠷᠢᠨ ᠪᠠᠶᠢᠴᠠᠭᠠᠭᠳᠠᠬᠤ ᠨᠢᠭᠡᠴᠠ ᠶᠢᠨ ᠭᠤᠣᠯ | ᠬᠠᠷᠢᠭᠤᠴᠠᠯᠭᠠᠳᠠᠨ ᠣᠪᠣᠷ ᠢᠶᠠᠨ ᠢᠯᠡᠳᠭᠡᠬᠦ ᠦᠭᠡ ᠬᠡᠯᠡᠵᠦ᠂ ᠠᠷᠠᠳᠴᠢᠯᠡᠯ ᠢᠶᠠᠷ ᠰᠢᠯᠭᠠᠨ ᠦᠨᠡᠯᠡᠬᠦ ᠬᠠᠮᠢᠶ᠎ᠠ ᠪᠦᠬᠦᠢ | ᠱᠠᠭᠠᠷᠳᠠᠯᠭ᠎ᠠ ᠶᠣᠰᠣᠭᠠᠷ᠂ ᠲᠤᠭᠤᠷᠢᠨ ᠪᠠᠶᠢᠴᠠᠭᠠᠭᠳᠠᠬᠤ ᠨᠢᠭᠡᠴᠠ ᠶᠢᠨ ᠤᠳᠤᠷᠢᠣᠡᠬᠤ ᠪᠠᠭ ᠪᠣᠯᠣᠨ ᠭᠤᠣᠯᠯᠬᠠᠴᠢ | ᠺᠠᠳ᠋ᠷ ᠲᠤ ᠠᠷᠠᠳᠴᠢᠯᠡᠯ ᠢᠶᠠᠷ ᠦᠨᠡᠯᠡᠯᠲᠡ ᠬᠢᠪᠡ᠃ | | | | ᠬᠤᠷᠠᠯ ᠠᠴᠠ ᠴᠢᠬᠤᠯᠠᠴᠢᠯᠠᠭᠰᠠᠨ ᠨᠢ᠂ ᠲᠤᠭᠤᠷᠢᠨ ᠪᠠᠶᠢᠴᠠᠭᠠᠬᠤ ᠪᠣᠯ ᠤᠯᠤᠰ ᠲᠥᠷᠥ ᠶᠢᠨ ᠲᠤᠭᠤᠷᠢᠨ | ᠪᠠᠶᠢᠴᠠᠭᠠᠯᠲᠠ ᠪᠠᠶᠢᠵᠤ᠂ ᠮᠥᠨ ᠴᠢᠨᠠᠷ ᠨᠢ ᠤᠯᠤᠰ ᠲᠥᠷᠥ ᠶᠢᠨ ᠬᠢᠨᠠᠯᠲᠠ ᠲᠠᠯᠪᠢᠬᠤ ᠶᠠᠪᠤᠳᠠᠯ ᠪᠣᠯᠤᠨ᠋᠎ᠠ᠂ ᠨᠠᠮ ᠤᠨ | ᠦᠨᠳᠦᠰᠤᠨ ᠪᠣᠳᠣᠯᠭ᠎ᠠ ᠴᠢᠭᠯᠡᠯᠲᠡ ᠶᠢ ᠱᠡᠯᠡᠪᠳᠠᠭᠤᠯᠤᠨ ᠨᠠᠶᠢᠳᠡᠪᠣᠷᠢᠵᠢᠭᠤᠯᠬᠤ᠂ ᠨᠠᠮ ᠤᠨ ᠲᠥᠪ ᠬᠤᠷᠢᠶᠠᠨ ᠤ | ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠪᠠᠳᠤᠯᠠᠬᠤ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠭᠦᠷᠭᠡᠯᠡᠵᠤ ᠪᠠᠶᠢᠳᠠᠭ᠃ ᠲᠣᠭᠤᠷᠢᠨ ᠪᠠᠶᠢᠴᠠᠭᠠᠯᠲᠠ ᠨᠢ ᠲᠣᠭᠤᠷᠢᠨ ᠪᠠᠶᠢᠴᠠᠭᠠᠬᠤ ᠠᠵᠢᠯ ᠢ | ᠦᠨᠳᠦᠰᠦᠨ ᠱᠠᠳᠤ ᠳᠠᠶᠢᠰᠢ ᠤᠳᠤᠷᠢᠣᠡᠬᠤ ᠴᠢᠬᠤᠯᠠ ᠲᠦᠷᠢᠮ ᠤᠨ ᠲᠣᠬᠢᠷᠠᠭᠤᠯᠤᠯᠲᠠ ᠪᠠᠶᠢᠵᠤ᠂ ᠪᠥᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠬᠦᠨᠵᠡᠭᠡᠶᠢᠷᠡᠭᠦᠯᠦᠨ ᠬᠥᠭᠵᠢᠭᠦᠯᠬᠦ ᠴᠢᠬᠤᠯᠡ ᠠᠷᠭ᠎ᠠ ᠬᠡᠮᠵᠢᠶ᠎ᠡ ᠮᠥᠨ᠂ ᠦᠨᠳᠦᠰᠦᠨ | ᠱᠠᠳᠣᠨ ᠤ ᠬᠢᠨᠡᠯᠲᠠ ᠲᠠᠯᠪᠢᠬᠤ ᠪᠠ ᠦᠨᠳᠦᠰᠦᠨ ᠱᠠᠳᠣᠨ ᠤ ᠵᠠᠰᠠᠯᠲᠠ ᠶᠢ ᠠᠬᠢᠭᠤᠯᠬᠤ ᠴᠢᠬᠤᠯᠠ ᠭᠠᠷᠳᠡᠴᠨ | ᠪᠣᠯᠤᠨ᠋᠎ᠠ᠂ ᠲᠣᠭᠤᠷᠢᠨ ᠪᠠᠶᠢᠴᠠᠭᠠᠬᠤ ᠠᠵᠢᠯ ᠢ ᠰᠠᠶᠢᠳᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠡᠯ᠎ᠡ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠬᠢᠨ ᠤᠯᠤᠰ ᠲᠥᠷᠥ ᠶᠢᠨ ᠵᠣᠭᠰᠤᠴᠡ ᠪᠠᠨ ᠳᠡᠭᠡᠭᠰᠢᠯᠡᠭᠦᠯᠵᠦ᠂ | ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠣᠡᠬᠠᠨ᠂ ᠲᠣᠭᠤᠷᠢᠨ ᠪᠠᠶᠢᠴᠠᠭᠠᠯᠲᠡ ᠥᠷᠨᠢᠭᠦᠯᠬᠦ ᠶᠢᠨ ᠴᠢᠬᠤᠯᠠ ᠶᠡᠭᠡ | ᠠᠴᠢ ᠬᠤᠯᠪᠣᠭᠳᠠᠯ ᠢ ᠭᠦᠢᠴᠡᠳ ᠲᠠᠨᠢᠵᠦ᠂ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ | ᠲᠣᠭᠤᠷᠢᠨ ᠪᠠᠶᠢᠴᠠᠭᠠᠵᠤ ᠬᠢᠨᠡᠯᠲᠠ ᠲᠠᠯᠪᠢᠬᠤ ᠶᠢ ᠬᠦᠯᠢᠶᠡᠬᠦ ᠤᠬᠠᠮᠰᠠᠷᠲᠤ ᠴᠢᠨᠠᠷ ᠰᠠᠨᠠᠭᠠᠴᠢᠯᠠᠭᠠᠲᠤ ᠴᠢᠨᠠᠷ ᠢᠶᠠᠨ | ᠦᠨᠡᠨ ᠬᠦ ᠴᠢᠩᠭᠠᠳᠬᠠᠬᠤ ᠬᠡᠷᠡᠭᠲᠡᠢ ᠭᠡᠪᠡ᠃ ︵ᠣᠷᠭᠤᠮᠠᠯ︶ | | |