9 ᠰᠠᠷ᠎ᠠ ᠶᠢᠨ 3 ᠤ ᠡᠳᠦᠷ᠂ ᠠᠷᠪᠠᠨ ᠳᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ | ᠤ ᠵᠢᠷᠭᠤᠳᠤᠭᠠᠷ ᠡᠭᠡᠯᠵᠢ ᠶᠢᠨ ᠬᠤᠶᠠᠳᠤᠭᠠᠷ ᠲᠤᠭᠤᠷᠢᠨ ᠪᠠᠶᠢᠴᠠᠭᠠᠬᠤ ᠲᠣᠭᠤᠶᠢᠯᠠᠩ ᠤᠨ ᠲᠣᠭᠤᠷᠢᠨ ᠪᠠᠶᠢᠴᠠᠭᠠᠬᠤ | ᠪᠠᠷ ᠣᠷᠤᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠨᠠᠮ ᠤᠨ ᠬᠤᠷᠢᠶᠠᠨ ᠤ ᠲᠤᠭᠤᠷᠢᠨ | ᠪᠠᠶᠢᠴᠠᠭᠠᠬᠤ ᠠᠵᠢᠯ ᠤᠨ ᠣᠳᠣᠷᠢᠣᠡᠬᠤ ᠲᠣᠭᠤᠶᠢᠯᠠᠩ ᠤᠨ ᠪᠦᠷᠢᠯᠳᠤᠭᠦᠨ᠂ ᠬᠤᠰᠢᠭᠤᠨ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠭᠢᠯᠡᠭᠴᠢ᠂ ᠬᠤᠶᠠᠳᠤᠭᠠᠷ ᠲᠤᠭᠤᠷᠢᠨ ᠪᠠᠶᠢᠴᠠᠭᠠᠬᠤ ᠲᠣᠭᠤᠶᠢᠯᠠᠩ ᠤᠨ | ᠪᠥᠬᠦ ᠪᠦᠷᠢᠯᠳᠦᠭᠦᠨ᠂ ᠬᠤᠰᠢᠭᠤᠨ ᠨᠠᠮ ᠤᠨ ᠬᠤᠷᠢᠶᠠᠨ ᠤ ᠣᠬᠠᠭᠤᠯᠬᠤ ᠬᠡᠯᠳᠡᠰ᠂ ᠨᠡᠮ ᠤᠨ ᠰᠤᠷᠭᠠᠭᠤᠯᠢ᠂ | ᠲᠠᠩᠰᠡ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ | ᠬᠠᠮ ᠵᠠᠭᠤᠴᠢᠯᠠᠭᠤᠷ ᠤᠨ ᠲᠥᠪ ᠤᠨ ᠣᠳᠣᠷᠢᠣᠡᠬᠤ ᠪᠠᠭ ᠤᠨ ᠪᠦᠷᠢᠯᠳᠦᠭᠦᠨ ᠪᠣᠯᠣᠨ ᠭᠤᠣᠯᠯᠠᠭᠴᠢ ᠺᠠᠳ᠋ᠷ ᠬᠤᠷᠠᠯ | ᠳᠤ ᠣᠷᠣᠯᠴᠠᠪᠠ᠃ | | | | ᠬᠤᠷᠠᠯ ᠳᠡᠭᠡᠷ᠎ᠡ᠂ ᠬᠤᠰᠢᠭᠤᠨ ᠨᠠᠮ ᠤᠨ ᠬᠤᠷᠢᠶᠠᠨ ᠤ ᠬᠤᠶᠠᠳᠤᠭᠠᠷ ᠲᠤᠭᠤᠷᠢᠨ ᠪᠠᠶᠢᠴᠠᠭᠠᠬᠤ | ᠲᠣᠭᠤᠶᠢᠯᠠᠩ ᠤᠨ ᠳᠠᠷᠤᠭ᠎ᠠ ᠠᠴᠠ ᠲᠣᠭᠤᠷᠢᠨ ᠪᠠᠶᠢᠴᠠᠭᠠᠬᠤ ᠡᠭᠦᠷᠭᠡ ᠪᠠ ᠲᠣᠬᠢᠷᠠᠭᠤᠯᠤᠯᠲᠠ ᠶᠢ ᠮᠡᠳᠡᠭᠳᠡᠵᠦ᠂ | ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠭᠤᠣᠯ ᠬᠠᠷᠢᠭᠤᠴᠠᠯᠭᠠᠳᠠᠨ ᠣᠪᠣᠷ ᠢᠶᠠᠨ ᠢᠯᠡᠳᠬᠡᠬᠦ ᠦᠭᠡ ᠬᠡᠯᠡᠵᠠᠢ᠃ | ᠠᠷᠠᠳᠴᠢᠯᠠᠯ ᠢᠶᠠᠷ ᠰᠢᠯᠭᠠᠨ ᠦᠨᠡᠯᠡᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠲᠤᠭᠤᠷᠢᠨ ᠪᠠᠶᠢᠴᠠᠭᠠᠭᠳᠠᠬᠤ | ᠨᠢᠭᠡᠴᠡ ᠶᠢᠨ ᠣᠳᠣᠷᠢᠣᠡᠬᠤ ᠪᠠᠭ ᠪᠣᠯᠣᠨ ᠭᠤᠣᠯᠯᠬᠠᠴᠢ ᠺᠠᠳ᠋ᠷ ᠲᠤ ᠠᠷᠠᠳᠴᠢᠯᠡᠯ ᠢᠶᠠᠷ ᠦᠨᠡᠯᠠᠯᠲᠡ ᠬᠢᠪᠡ᠃ | | | | ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠬᠤ ᠠᠵᠢᠯ ᠪᠣᠯ ᠲᠣᠭᠤᠷᠢᠨ | ᠪᠠᠶᠢᠴᠠᠭᠠᠯᠲᠠ ᠶᠢ ᠦᠨᠳᠦᠰᠦᠨ ᠱᠠᠲᠤ ᠳᠠᠶᠢᠰᠢ ᠣᠷᠳᠣᠳᠬᠠᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠪᠠᠶᠢᠵᠤ᠂ | ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠴᠢᠬᠤᠯᠠ ᠠᠷᠭ᠎ᠠ ᠬᠡᠮᠵᠢᠶ᠎ᠡ | ᠮᠥᠨ᠂ ᠥᠨᠳᠦᠰᠦᠨ ᠱᠡᠳᠦᠨ ᠤ ᠬᠢᠨᠡᠯᠲᠡ ᠲᠠᠯᠪᠢᠬᠤ ᠪᠠ ᠦᠨᠳᠦᠰᠦᠨ ᠱᠠᠳᠣᠨ ᠤ ᠵᠠᠰᠠᠯᠲᠠ ᠶᠢ ᠠᠬᠢᠭᠤᠯᠬᠤ | ᠴᠢᠬᠤᠯᠠ ᠭᠠᠷᠳᠠᠴᠠ ᠪᠣᠯᠤᠨ᠋᠎ᠠ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠡᠯ᠎ᠡ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠪᠥᠬᠦ ᠨᠠᠮ ᠤᠨ ᠭᠡᠰᠢᠭᠦᠨ ᠺᠠᠳ᠋ᠷ ᠲᠣᠰ | ᠤᠳᠠᠭᠠᠨ ᠤ ᠲᠣᠭᠤᠷᠢᠨ ᠪᠠᠶᠢᠴᠠᠭᠠᠯᠲᠠ ᠪᠠᠷ ᠠᠵᠠ ᠲᠤᠬᠢᠶᠠᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠡ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠨᠠᠩ ᠰᠠᠶᠢᠳᠤᠷ ᠪᠣᠳᠠᠲᠠᠢ ᠳᠤ | ᠨᠠᠶᠢᠳᠠᠪᠤᠷᠢᠵᠢᠭᠤᠯᠤᠨ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠲᠠᠢ | ᠤᠶᠠᠯᠳᠤᠭᠤᠯᠵᠤ᠂ ᠲᠣᠭᠤᠷᠢᠨ ᠪᠠᠶᠢᠴᠠᠭᠠᠬᠤ ᠪᠠ ᠤᠲᠤᠬᠠᠨ ᠳᠤ ᠶᠠᠭ ᠬᠢᠵᠤ ᠪᠠᠶᠢᠭ᠎ᠠ᠂ ᠬᠢᠬᠦ ᠭᠡᠵᠦ ᠪᠠᠶᠢᠭ᠎ᠠ ᠡᠯ᠎ᠡ | ᠵᠦᠢᠯ ᠤᠨ ᠠᠵᠢᠯ ᠲᠠᠢ ᠪᠠᠨ ᠤᠶᠠᠯᠳᠤᠭᠤᠯᠵᠤ᠂ ᠵᠣᠷᠢᠡᠡᠳᠡᠢ ᠪᠠᠷ ᠬᠠᠷᠢᠭᠤᠴᠠᠯᠭ᠎ᠠ ᠡᠭᠦᠷᠭᠡᠯᠡᠨ᠂ ᠦᠨᠡᠨ ᠬᠦ | ᠠᠣᠡᠬᠤᠨ ᠪᠣᠳᠠᠲᠠᠢ ᠠᠵᠢᠯᠯᠡᠵᠤ᠂ ᠪᠦᠯᠬᠦᠮᠳᠡᠨ ᠲᠡᠮᠡᠴᠡᠵᠦ᠂ ᠠᠷᠦ ᠬᠤᠷᠴᠢᠨ ᠬᠤᠰᠢᠭᠤᠨ ᠤ ᠡᠯ᠎ᠡ ᠵᠦᠢᠯ ᠤᠨ | ᠠᠵᠢᠯ ᠦᠢᠯᠡᠰ ᠤᠨ ᠴᠢᠨᠠᠷ ᠰᠠᠶᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ ︵ᠰᠠᠶᠢᠬᠠᠡᠬᠤᠸᠠᠷ︶ |