ᠵᠠᠮ ᠪᠢᠳᠡᠭᠦᠮᠵᠢᠯᠡᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2024/9/6
       ᠠᠷᠤ ᠬᠤᠷᠴᠢᠨ ᠬᠤᠰᠢᠭᠤᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ ᠵᠠᠮ ᠤᠨ ᠡᠮᠤᠨ᠎ᠠ ᠳᠠᠬᠢ ᠪᠢ ᠱᠦᠢ ᠵᠢᠶᠠ ᠶᠤᠸᠠᠨ ᠰᠠᠭᠤᠭᠠᠯᠢ ᠲᠣᠭᠤᠷᠢᠭ ᠤᠨ ᠵᠡᠭᠦᠨ ᠲᠠᠯ᠎ᠠ ᠶᠢᠨ ᠭᠤᠳᠤᠮᠵᠢ ᠳᠤ ᠵᠠᠮ᠂ ᠳᠠᠮᠵᠢᠭᠤᠯᠬᠤ ᠬᠤᠭᠤᠯᠠᠢ ᠶᠢ ᠦᠭᠡᠷᠡᠴᠢᠯᠡᠨ ᠰᠢᠨᠠᠳᠭᠡᠬᠦ ᠪᠠᠷᠢᠯᠭ᠎ᠠ ᠶᠢᠨ ᠠᠵᠢᠯ ᠤᠳᠠᠯ ᠦᠭᠡᠢ ᠦᠷᠨᠢᠭᠦᠯᠬᠦ ᠶᠢᠨ ᠤᠴᠢᠷ᠂ ᠨᠠᠭᠠᠰᠢ ᠴᠠᠭᠠᠰᠢ ᠦᠩᠭᠡᠷᠡᠨ ᠶᠠᠪᠤᠬᠤ ᠲᠡᠷᠭᠡ ᠬᠦᠰᠭᠡ ᠪᠠ ᠶᠠᠪᠠᠭᠠᠨ ᠬᠦᠮᠤᠨ ᠤ ᠠᠮᠤᠷ ᠲᠦᠪᠰᠢᠨ ᠵᠢᠴᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠰᠢᠲᠡᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠦᠯᠥᠭᠡ᠂ ︽ᠪᠦᠭᠦᠳᠡ ᠨᠡᠶᠢᠷᠠᠮᠳᠠᠬᠤ ᠲᠤᠮᠳᠠᠲᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ ᠢ ᠦᠨᠳᠣᠰᠤᠯᠠᠨ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠳᠤᠣᠷᠠᠬᠢ ᠵᠠᠮ ᠤᠨ ᠭᠡᠰᠡᠭ ᠢ ᠪᠢᠳᠡᠭᠦᠮᠵᠢᠯᠠᠨ ᠪᠠᠷᠢᠯᠭ᠎ᠠ ᠶᠢᠨ ᠠᠵᠢᠯ ᠦᠷᠨᠢᠭᠦᠯᠬᠦ ᠪᠠᠷ ᠲᠣᠭᠲᠠᠪᠠ᠃ ᠤᠳᠣ ᠬᠤᠯᠪᠣᠭᠳᠠᠯ ᠪᠦᠬᠦᠢ ᠵᠦᠢᠯᠡᠰ ᠢ ᠲᠣᠣᠷᠠᠬᠢ ᠮᠡᠳᠤ ᠵᠠᠷᠯᠠᠨ ᠮᠡᠳᠡᠭᠳᠡᠶ᠎ᠡ᠄        ᠨᠢᠭᠡ᠂ ᠪᠢᠳᠡᠭᠦᠮᠵᠢᠯᠡᠨ ᠪᠠᠷᠢᠯᠭ᠎ᠠ ᠶᠢᠨ ᠠᠵᠢᠯ ᠦᠷᠨᠢᠭᠦᠯᠬᠦ ᠵᠠᠮ ᠤᠨ ᠭᠬᠡᠰᠡᠭ᠄ ᠪᠢ ᠱᠦᠢ ᠵᠢᠶᠠ ᠶᠤᠸᠠᠨ ᠰᠠᠭᠤᠭᠠᠯᠢ ᠳᠠᠭᠤᠷᠢᠭ ᠤᠨ ᠵᠡᠭᠦᠨ ᠲᠠᠯ᠎ᠠ ᠶᠢᠨ ᠭᠤᠳᠣᠮᠵᠢ ︵ᠬᠠᠨ ᠯᠢᠨ ᠵᠡᠭᠡᠯᠢ — ᠱᠧᠩ ᠯᠢ ᠵᠡᠭᠡᠯᠢ ᠶᠢᠨ ᠪᠠᠷᠠᠭᠤᠨ ᠭᠡᠰᠡᠭ︶        ᠬᠤᠶᠠᠷ᠂ ᠪᠢᠳᠡᠭᠦᠮᠵᠢᠯᠡᠬᠦ ᠴᠠᠭ ᠬᠤᠭᠤᠴᠠᠭ᠎ᠠ᠄ 2024 ᠣᠨ ᠤ 9 ᠰᠠᠷ᠎ᠠ  ᠶᠢᠨ 5 ᠤ ᠡᠳᠤᠷ  ᠠᠴᠠ 2024 ᠣᠨ ᠤ 11 ᠰᠠᠷ᠎ᠠ ᠶᠢᠨ 5 ᠤ ᠡᠳᠤᠷ ᠪᠣᠯᠲᠠᠯ᠎ᠠ᠃        ᠭᠤᠷᠪᠠ᠂ ᠪᠠᠷᠢᠯᠭ᠎ᠠ ᠶᠢᠨ ᠠᠵᠢᠯ ᠤᠨ ᠠᠭᠤᠯᠭ᠎ᠠ᠄ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠵᠠᠮ᠂ ᠤᠰᠤ ᠭᠠᠲᠠᠭᠰᠢᠯᠠᠭᠤᠯᠬᠤ ᠰᠢᠰᠲ᠋ᠧᠮ ᠢ ᠰᠢᠨᠠᠳᠭᠡᠨ ᠦᠭᠡᠷᠡᠴᠢᠯᠡᠨ᠎ᠠ᠃        ᠳᠥᠷᠪᠡ᠂ ᠠᠩᠬᠠᠷᠬᠤ ᠵᠣᠶᠢᠯᠡᠰ᠄ ᠳᠡᠭᠡᠷ᠎ᠡ ᠳᠤᠷᠠᠳᠤᠭᠰᠠᠨ ᠵᠠᠮ ᠤᠨ ᠭᠡᠰᠡᠭ ᠢ ᠪᠢᠳᠡᠭᠦᠮᠵᠢᠯᠡᠬᠦ ᠬᠤᠭᠤᠴᠠᠭᠠᠨ ᠳᠤ᠂ ᠲᠣᠰ ᠭᠡᠰᠡᠭ ᠵᠠᠮ ᠢᠶᠠᠷ ᠶᠠᠪᠤᠨ ᠦᠩᠭᠡᠷᠡᠬᠦ ᠲᠡᠷᠭᠡ ᠬᠦᠰᠭᠡ ᠪᠠ ᠶᠠᠪᠠᠭᠠᠨ ᠬᠦᠮᠥᠨ ᠵᠠᠮ ᠬᠠᠷᠢᠯᠴᠠᠭᠠᠨ ᠤ ᠢᠯᠡᠷᠭᠡᠶᠢᠯᠡᠯ ᠲᠡᠮᠳᠡᠭ ᠶᠣᠰᠣᠭᠠᠷ ᠶᠠᠪᠤᠵᠤ᠂ ᠠᠮᠤᠷ ᠲᠦᠪᠰᠢᠨ ᠢ ᠠᠩᠬᠠᠷᠬᠤ ᠬᠡᠷᠡᠭᠲᠡᠢ᠃ ᠪᠠᠷᠢᠯᠭ᠎ᠠ  ᠶᠢᠨ ᠠᠵᠢᠯ ᠨᠢ ᠡᠷᠬᠢᠨ ᠲᠤᠭᠤᠷᠢᠨ ᠤ ᠤᠯᠠᠨ ᠲᠦᠮᠡᠨ ᠪᠠ ᠲᠡᠷᠭᠡ ᠬᠦᠰᠭᠡ ᠶᠢᠨ ᠠᠶᠠᠯᠠᠯ ᠳᠤ ᠲᠦᠭᠦᠮ ᠪᠣᠰᠦ ᠠᠪᠴᠢᠷᠠᠬᠤ ᠲᠤᠯᠠ ᠠᠭᠤᠴᠢᠯᠠᠯ ᠭᠤᠶᠣᠵᠤ᠂ ᠳᠠᠮᠵᠢᠯᠭᠡ ᠦᠵᠡᠭᠦᠯᠬᠦ ᠶᠢ ᠬᠦᠰᠡᠬᠦ ᠶᠢᠨ ᠬᠠᠮᠲᠤ ᠬᠠᠷᠢᠯᠴᠠᠨ ᠳᠠᠮᠵᠢᠭᠤᠯᠤᠨ ᠮᠡᠳᠡᠭᠳᠡᠬᠦ ᠶᠢ ᠬᠦᠰᠡᠶ᠎ᠡ᠃                          ᠠᠷᠤ ᠬᠤᠷᠴᠢᠨ ᠬᠤᠰᠢᠭᠤᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ                          ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ                          ᠠᠷᠤ ᠬᠤᠷᠴᠢᠨ ᠬᠤᠰᠢᠭᠤᠨ ᠤ ᠲᠣᠳᠣᠭᠠᠲᠤ ᠶᠢ ᠬᠠᠮᠠᠭᠠᠯᠠᠬᠤ ᠲᠣᠪᠴᠢᠶ᠎ᠠ ᠶᠢᠨ                          ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ                          2024 ᠣᠨ ᠤ 9 ᠰᠠᠷ᠎ᠠ ᠶᠢᠨ 5 ᠤ ᠡᠳᠤᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号