1 ᠰᠠᠷ᠎ᠠ ᠶᠢᠨ 9 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠭᠦᠸᠧ ᠯᠦ ᠮᠧᠩ ᠵᠢᠯ ᠤᠨ ᠰᠡᠭᠦᠯᠴᠢ ᠪᠠ ᠵᠢᠯ ᠤᠨ ᠡᠬᠢᠨ ᠤ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠠᠵᠢᠯ ᠢ | ᠭᠦᠨᠵᠡᠭᠡᠶ ᠥᠷᠨᠢᠭᠦᠯᠵᠦ᠂ ᠬᠤᠰᠢᠭᠤᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | | | | ᠭᠦᠸᠧ ᠯᠦ ᠮᠧᠩ ᠨᠡᠷ ᠤᠷᠢᠳ ᠬᠤᠵᠢᠳ ᠹᠦ᠋ ᠲᠢᠶᠠᠨ ᠬᠤᠸᠠᠷ ᠫᠤᠤᠵᠢᠩ ᠤᠨ ᠬᠢᠵᠠᠭᠠᠷᠲᠤ ᠺᠣᠮᠫᠠᠨᠢ᠂ | ᠯᠢᠶᠣᠤ ᠾᠧ ᠴᠢᠯᠠᠭᠤᠨ ᠲᠣᠰᠣᠨ ᠤ ᠠᠭᠤᠷᠬᠠᠶ ᠶᠢᠨ ᠠᠷᠤ ᠬᠤᠷᠴᠢᠨ ᠬᠤᠰᠢᠭᠤᠨ ᠳᠠᠬᠢ ᠬᠤᠪᠢᠶᠠᠷᠢ ᠺᠣᠮᠫᠠᠨᠢ᠂ | ᠱᠠᠨ ᠱᠦᠶ ᠽᠧᠮᠧᠨ᠋ᠲ ᠤᠨ ᠬᠢᠵᠠᠭᠠᠷᠲᠤ ᠺᠣᠮᠫᠠᠨᠢ᠂ ᠴᠠᠩ ᠴᠧᠩ ᠢᠯᠴᠢ ᠶᠢᠨ ᠬᠦᠴᠦᠨ ᠤ ᠺᠣᠮᠫᠠᠨᠢ ᠳᠤ | ᠭᠦᠨᠵᠡᠭᠡᠶᠢᠷᠡᠵᠦ᠂ ᠵᠢᠯ ᠤᠨ ᠰᠡᠭᠦᠯᠴᠢ ᠪᠠ ᠵᠢᠯ ᠤᠨ ᠡᠬᠢᠨ ᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠠᠵᠢᠯ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠵᠢᠯᠣᠭᠤᠳᠴᠤ᠂ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠬᠠᠮᠢᠶᠠᠷᠤᠯᠲᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠠᠮᠤᠷ | ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠵᠡᠷᠭᠡ ᠪᠠᠶᠢᠳᠡᠯ ᠢ ᠨᠠᠷᠢᠨ | ᠣᠶᠢᠯᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ | ᠲᠤᠬᠠᠶ ᠶᠢᠨ ᠲᠠᠯᠠᠪᠠᠢ ᠳᠤ ᠰᠣᠨᠣᠰᠤᠭᠰᠠᠨ ᠪᠥᠭᠡᠳ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠶ᠃ | | | | | | | | ᠭᠦᠸᠧ ᠯᠦ ᠮᠧᠩ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠵᠢᠯ ᠤᠨ ᠰᠡᠭᠦᠯᠴᠢ | ᠪᠠ ᠵᠢᠯ ᠤᠨ ᠡᠬᠢᠨ ᠪᠣᠯ ᠠᠮᠤᠷ ᠲᠥᠪᠰᠢᠨ ᠤ ᠠᠶᠤᠯ ᠲᠦᠭᠰᠢᠭᠦᠷᠢ ᠲᠥᠪᠯᠡᠷᠡᠭᠰᠡᠨ ᠴᠢᠬᠤᠯᠠ ᠴᠠᠭ ᠬᠤᠭᠤᠴᠠᠭ᠎ᠠ | ᠪᠣᠯᠤᠨ᠎ᠠ᠂ ᠡᠷᠬᠡᠪᠰᠢ ᠳᠡᠭᠡᠳᠦ ᠬᠡᠮᠵᠢᠶᠡᠨ ᠤ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠷ ᠠᠵᠤ ᠠᠬᠤᠶᠢᠯᠠᠯ ᠤᠨ | ᠠᠶᠤᠯᠭᠦᠶ ᠦᠢᠯᠡᠳᠪᠦᠷᠢᠯᠡᠯ ᠤᠨ ᠠᠵᠢᠯ ᠢ ᠡᠷᠡᠰ ᠰᠠᠶᠢᠲᠤᠷ ᠠᠳᠬᠤᠬᠤ ᠬᠡᠷᠡᠭᠲᠡᠶ᠃ ᠠᠵᠤ ᠠᠬᠤᠶᠢᠯᠠᠯ ᠤᠳ | ᠦᠢᠯᠡᠳᠪᠦᠷᠢᠯᠡᠯ ᠤᠨ ᠴᠢᠬᠤᠯᠠ ᠪᠣᠭᠤᠮᠲᠠ ᠶᠢ ᠴᠢᠩᠭ᠎ᠠ ᠠᠳᠬᠤᠵᠤ᠂ ᠥᠪᠡᠷ ᠢ ᠪᠠᠨ ᠪᠠᠶᠢᠴᠠᠭᠠᠬᠤ ᠠᠵᠢᠯ ᠢ | ᠢᠳᠡᠪᠬᠢᠲᠡᠶ ᠥᠷᠨᠢᠭᠦᠯᠦᠨ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ | ᠵᠠᠰᠠᠬᠤ ᠶᠢ ᠲᠣᠭᠲᠠᠮᠠᠯ ᠬᠤᠭᠤᠴᠠᠭ᠎ᠠ ᠲᠠᠢ ᠬᠢᠵᠦ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ | ᠬᠢᠬᠦ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠢᠳᠡᠪᠬᠢᠲᠡᠶ | ᠲᠣᠳᠣᠷᠬᠠᠶᠢᠯᠠᠵᠤ᠂ ᠵᠢᠯ ᠤᠨ ᠰᠡᠭᠦᠯᠴᠢ ᠪᠠ ᠵᠢᠯ ᠤᠨ ᠡᠬᠢᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ | ᠯᠠᠪᠳᠠᠭᠤᠨ ᠪᠠᠲᠤᠲᠠᠶ ᠥᠷᠨᠢᠭᠦᠯᠦᠨ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠭᠦᠯᠵᠢᠯᠡᠨ | ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠡᠯ ᠤᠨ ᠲᠣᠭᠲᠠᠭᠤᠨ ᠢ ᠪᠠᠲᠤᠯᠠᠨ᠂ ᠰᠢᠨ᠎ᠡ ᠵᠢᠯ ᠳᠤ ᠮᠠᠨ ᠤ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ | ᠬᠡᠷᠡᠭᠲᠡᠶ ᠭᠡᠪᠡ᠃ ︵ᠯᠢᠦ ᠰᠢᠨ ᠲᠢᠩ︶ | | |