ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/14
       ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠵᠢᠷᠭᠤᠳᠤᠭᠠᠷ ᠪᠥᠬᠦᠳᠡ ᠬᠤᠷᠠᠯ 2025 ᠣᠨ ᠤ 1 ᠰᠠᠷ᠎ᠠ ᠶᠢᠨ 11 ᠤ ᠡᠳᠦᠷ ᠴᠢᠪᠠᠭ᠎ᠠ ᠳᠤ ᠬᠤᠷᠠᠯᠳᠤᠪᠠ᠃        ᠡᠨᠡ ᠤᠳᠠᠭ᠎ᠠ ᠶᠢᠨ ᠬᠤᠷᠠᠯ ᠳᠤ ᠬᠤᠰᠢᠭᠤᠨ ᠨᠠᠮ ᠤᠨ ᠬᠤᠷᠢᠶ᠎ᠠ ᠶᠢᠨ ᠭᠡᠰᠢᠭᠦᠨ 36 ᠬᠥᠮᠦᠨ᠂ ᠣᠷᠣᠯᠠᠭᠴᠢ ᠭᠡᠰᠢᠭᠦᠨ 2 ᠬᠥᠮᠦᠨ ᠣᠷᠣᠯᠴᠠᠵᠠᠶ᠃ ᠬᠤᠰᠢᠭᠤᠨ ᠬᠤᠯᠪᠣᠭᠳᠠᠯ ᠪᠦᠬᠦᠢ ᠰᠢᠶᠠᠨ ᠭᠠᠵᠠᠷ ᠤᠨ ᠳᠡᠰ ᠤᠨ ᠤᠳᠤᠷᠢᠳᠬᠤ ᠨᠥᠬᠦᠳ᠂ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ᠂ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠬᠤᠰᠢᠭᠤᠨ ᠰᠢᠭᠤᠳ ᠬᠠᠷᠢᠶ᠎ᠠ᠂ ᠲᠥᠪ ᠣᠷᠣᠨ ᠬᠤᠲᠠ ᠶᠢᠨ ᠠᠷᠤ ᠬᠤᠷᠴᠢᠨ ᠬᠤᠰᠢᠭᠤᠨ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠤᠰᠢᠭᠤᠨ ᠰᠢᠭᠤᠳ ᠬᠠᠷᠢᠶ᠎ᠠ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠬᠡᠰᠡᠭ ᠭᠤᠤᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ  ᠠᠬᠤᠶᠢᠯᠠᠯ ᠤᠨ ᠬᠠᠷᠢᠭᠤᠴᠠᠯᠭᠠᠲᠠᠨ᠂ ᠬᠡᠰᠡᠭ  ᠬᠤᠰᠢᠭᠤᠨ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠳᠣᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃
       ᠪᠥᠬᠦᠳᠡ ᠬᠤᠷᠠᠯ ᠢ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠭᠢᠯᠡᠪᠡ᠃ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠲᠤᠰ ᠲᠤᠰ ᠶᠠᠷᠢᠶ᠎ᠠ ᠲᠠᠯᠪᠢᠪᠠ᠃        ᠪᠥᠬᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠣᠭᠠᠷ ᠬᠤᠭᠤᠴᠠᠭᠠᠨ ᠤ ᠨᠠᠢᠮᠠᠳᠣᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠤᠨ ᠪᠠᠶᠢᠳᠡᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠡ᠃        ᠪᠥᠬᠦᠳᠡ ᠬᠤᠷᠠᠯ ᠠᠴᠠ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠨᠢᠭᠡ ᠵᠢᠯ ᠤᠨ ᠲᠤᠷᠰᠢᠬᠢ ᠠᠵᠢᠯ ᠢ ᠭᠦᠢᠴᠡᠣᠨ ᠨᠤᠲᠠᠯᠠᠵᠠᠶ᠃ 2024 ᠣᠨ ᠳᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ  ᠶᠢᠨ ᠬᠤᠷᠢᠶ᠎ᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠳᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠰᠢᠵᠢᠮ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠬᠦᠴᠦᠨ ᠢᠶᠠᠨ ᠲᠥᠪᠯᠡᠷᠡᠭᠦᠯᠦᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠲᠠᠰᠤᠷᠠᠯᠲᠠ ᠥᠬᠡᠶ ᠴᠢᠩᠭᠠᠷᠠᠵᠤ᠂ ᠭᠤᠤᠯ ᠱᠤᠭᠤᠮ ᠢ ᠪᠠᠬᠢᠵᠢᠭᠦᠯᠬᠦ ᠳᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ᠠᠵᠤ ᠠᠬᠤᠶ ᠶᠢᠨ ᠬᠥᠭᠵᠢᠯᠲᠡ ᠶᠢ ᠲᠣᠭᠲᠠᠭᠤᠨ ᠤ ᠳᠤᠮᠳᠠ ᠤᠷᠤᠭᠰᠢᠯᠠᠬᠤ ᠬᠠᠨᠳᠤᠰᠢ ᠲᠠᠢ ᠪᠠᠶᠢᠯᠭᠠᠵᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠡᠵᠡᠭᠡᠶᠢᠷᠡᠬᠦᠯᠬᠦ ᠶᠢ ᠡᠮᠬᠢ ᠵᠢᠷᠤᠮ ᠲᠠᠢ ᠠᠬᠢᠭᠤᠯᠵᠤ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠢ ᠲᠦᠷᠭᠡᠳᠬᠡᠨ ᠬᠥᠭᠵᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂  ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠦᠢᠯᠡᠰ ᠲᠤ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠪᠠ ᠭᠡᠵᠦ ᠰᠠᠨᠠᠯ ᠨᠢᠭᠡᠲᠡᠶ ᠦᠵᠡᠵᠡᠭᠡᠪᠡ᠃        ᠪᠥᠬᠦᠳᠡ ᠬᠤᠷᠠᠯ ᠠᠴᠠ ᠣᠳᠣᠬᠠᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠭᠦᠨᠵᠡᠭᠡᠶ ᠵᠠᠳᠠᠯᠵᠤ᠂ 2025 ᠣᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ᠂  ᠮᠦᠡᠴᠣ ᠠᠷᠤ ᠬᠤᠷᠴᠢᠨ ᠬᠤᠰᠢᠭᠤᠨ ᠤ ᠪᠣᠭᠤᠮᠲᠠ ᠰᠢᠪᠲᠤᠯᠵᠤ᠂ ᠲᠦᠷᠭᠡᠨ ᠬᠥᠭᠵᠢᠬᠦ ᠵᠠᠩᠭᠢᠯᠠᠭ᠎ᠠ ᠶᠢᠨ ᠵᠢᠯ ᠮᠥᠨ ᠭᠡᠵᠦ ᠵᠢᠭᠠᠵᠤ ᠭᠠᠷᠭᠠᠬᠤ ᠶᠢᠨ ᠬᠠᠮᠲᠤ ᠡᠷᠬᠡᠪᠰᠢ ᠬᠥᠭᠵᠢᠯᠲᠡ ᠶᠢᠨ ᠠᠰᠠᠭᠤᠳᠠᠯ ᠢ ᠳᠠᠬᠢᠨ ᠪᠣᠳᠣᠯᠬᠢᠯᠠᠵᠤ᠂ ᠬᠥᠭᠵᠢᠯᠲᠡ ᠶᠢᠨ ᠠᠵᠠ ᠲᠣᠬᠢᠶᠠᠯ ᠢ ᠳᠠᠬᠢᠨ ᠡᠵᠡᠮᠳᠡᠵᠦ᠂ ᠠᠯᠢᠪᠠ ᠠᠰᠢᠭᠲᠠᠶ ᠡᠯᠧᠮᠧᠨ᠋ᠲ ᠪᠣᠯᠤᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠢᠲᠡᠭᠡᠯ ᠵᠣᠷᠢᠭ ᠡᠷᠴᠢ ᠵᠣᠷᠢᠭ ᠢᠶᠠᠨ ᠬᠥᠪᠴᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠥᠭᠵᠢᠯᠲᠡ ᠶᠢᠨ ᠬᠠᠷᠠᠯᠲᠠ ᠪᠠᠨ ᠪᠣᠳᠠᠳᠠᠶᠢᠵᠢᠭᠤᠯᠬᠤ ᠬᠡᠷᠡᠭᠲᠡᠶ ᠭᠡᠵᠡᠶ᠃        ᠪᠦᠬᠦᠳᠡ ᠬᠤᠷᠠᠯ ᠠᠴᠠ ᠪᠦᠬᠦ ᠬᠤᠰᠢᠭᠤᠨ ᠤ ᠠᠵᠢᠯ ᠤᠨ ᠶᠡᠷᠦᠩᠬᠡᠶ ᠰᠡᠳᠬᠢᠮᠵᠢ ᠶᠢ ᠳᠤᠷᠠᠳᠴᠠᠶ᠄ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠲᠥᠪ ᠣᠷᠣᠨ ᠬᠤᠲᠠ ᠭᠤᠷᠪᠠᠨ ᠱᠠᠲᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠣᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠲᠥᠷᠥᠯ ᠤᠨ ᠠᠵᠢᠯ ᠤᠨ ᠭᠤᠤᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ︽ᠰᠢᠨ᠎ᠡ ᠵᠠᠮ ᠨᠡᠭᠡᠭᠡᠨ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠳᠡᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠵᠠᠮᠨᠠᠵᠤ᠂ ᠠᠵᠤ ᠦᠢᠯᠡᠰ ᠢ ᠬᠥᠭᠵᠢᠭᠦᠯᠬᠦ᠂ ᠬᠤᠲᠠ ᠶᠢ ᠰᠠᠶᠢᠲᠤᠷ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠷᠪᠠᠨ ᠭᠤᠤᠯᠳᠠᠯᠭ᠎ᠠ ᠶᠢ ᠳᠣᠪᠤᠶᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ  ᠬᠠᠷᠠᠯᠲᠠ ᠶᠢ ᠡᠷᠲᠡᠬᠡᠨ ᠪᠡᠶᠡᠯᠡᠭᠦᠯᠬᠦ︾ ᠶᠡᠷᠦᠩᠬᠡᠶ ᠰᠡᠳᠬᠢᠮᠵᠢ ᠶᠢᠨ ᠲᠣᠭᠤᠷᠢᠨ ᠳᠤ᠂ ᠡᠯ᠎ᠡ ᠲᠥᠷᠥᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠳᠡᠢ ᠬᠥᠭᠵᠢᠯᠲᠡ ᠶᠢᠨ ᠰᠢᠨ᠎ᠡ ᠪᠠᠶᠢᠳᠡᠯ ᠢ ᠡᠭᠦᠳᠦᠨ᠎ᠡ᠃        ᠪᠥᠬᠦᠳᠡ ᠬᠤᠷᠠᠯ ᠠᠴᠠ ᠱᠠᠭᠠᠷᠳ᠋ᠬᠠᠰᠡᠨ ᠨᠢ᠂ ᠠᠵᠤ ᠦᠢᠯᠡᠣᠡᠪᠣᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠭᠤᠷᠬᠠᠶ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠤᠰᠬᠠᠶ ᠠᠵᠢᠯᠯᠠᠭ᠎ᠠ ᠥᠷᠨᠢᠭᠦᠯᠦᠨ᠂ ᠰᠢᠨ᠎ᠡ ᠡᠨᠧᠷᠭᠢ ᠶᠢ ᠪᠠᠭᠲᠠᠭᠠᠨ ᠰᠢᠩᠭᠡᠭᠡᠬᠦ ᠲᠥᠷᠥᠯ ᠵᠦᠢᠯ ᠤᠨ ᠦᠨᠡᠨ ᠪᠣᠳᠠᠲᠠᠶ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠶ᠃ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠠᠯ ᠠᠵᠤ ᠠᠬᠤᠶ ᠲᠠᠷᠢᠶᠠᠯᠠᠩ ᠤᠨ ᠦᠨᠳᠦᠰᠦᠨ ᠪᠠᠶᠢᠳᠠᠯ ᠢ ᠪᠠᠲᠤ ᠰᠠᠬᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ ᠤᠨᠳᠤᠤᠰᠢᠭᠤᠯᠬᠤ ᠨᠣᠷᠮ᠎ᠠ ᠶᠢ ᠮᠡᠳᠡᠭᠳᠡᠮ᠎ᠠ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠶ᠃ ᠦᠢᠯᠡᠴᠢᠯᠡᠭᠡᠨ ᠤ ᠦᠢᠯᠡᠰ ᠤᠨ ᠠᠵᠢᠯ ᠢ ᠡᠬᠢᠯᠡᠭᠦᠯᠬᠦ ᠶᠢ ᠠᠬᠢᠭᠤᠯᠵᠤ᠂ ᠲᠠᠷᠢᠶᠠᠯᠠᠩ ᠰᠣᠶᠣᠯ ᠵᠢᠭᠤᠯᠴᠢᠯᠠᠯ ᠠᠭᠤᠰᠤᠯᠴᠠᠭᠤᠯᠤᠨ ᠬᠥᠭᠵᠢᠭᠦᠯᠬᠦ ᠠᠷᠭ᠎ᠠ ᠵᠠᠮ ᠢ ᠬᠠᠶᠢᠨ ᠰᠦᠪᠡᠭᠴᠢᠯᠡᠵᠦ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠪᠣᠯᠤᠨ ᠠᠭᠠᠷ ᠤᠨ ᠣᠷᠣᠨ ᠤ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠳᠤᠤᠷ᠎ᠠ ᠠᠭᠠᠷ ᠤᠨ ᠠᠵᠤ ᠠᠬᠤᠶ ᠶᠢᠨ ᠲᠥᠷᠥᠯ ᠵᠦᠢᠯ ᠢ ᠰᠢᠰᠲ᠋ᠧᠮ ᠲᠠᠢ ᠲᠥᠯᠥᠪᠵᠢᠭᠦᠯᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠬᠤ ᠬᠡᠷᠡᠭᠲᠡᠶ᠃ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠶ ᠠᠳᠬᠤᠵᠤ᠂ ᠪᠥᠬᠦ ᠬᠡᠯᠬᠢᠶᠡᠨ ᠤ ᠮᠥᠷᠳᠡᠨ ᠦᠢᠯᠡᠴᠢᠯᠡᠬᠦ ᠪᠠ ᠮᠥᠷᠳᠡᠨ ᠭᠦᠢᠴᠡᠣᠡᠭᠡᠵᠤ ᠠᠬᠢᠭᠤᠯᠬᠤ ᠶᠢ ᠰᠠᠶᠢᠲᠤᠷ ᠬᠢᠵᠦ᠂ ᠲᠥᠷᠥᠯ ᠵᠦᠢᠯ ᠢ ᠲᠥᠰᠦᠪᠯᠡᠨ ᠲᠡᠮᠡᠴᠡᠨ ᠣᠯᠬᠤ ᠪᠠᠨ ᠴᠢᠩᠭᠠᠳᠬᠠᠨ᠂ ᠨᠠᠩ ᠣᠯᠠᠨ ᠲᠥᠷᠥᠯ ᠵᠦᠢᠯ ᠢ ᠳᠡᠭᠡᠳᠦ ᠱᠠᠳᠣᠨ ᠤ ᠲᠥᠯᠥᠪᠵᠢᠭᠦᠯᠭᠡ ᠶᠢᠨ ᠬᠡᠪᠴᠢᠶᠡᠨ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠦᠯᠵᠢᠯᠡᠨ ᠥᠷᠭᠡᠳᠬᠡᠵᠦ᠂ ᠤᠯᠤᠰ ᠤᠨ ᠥᠮᠴᠢᠯᠡᠯᠲᠤ ᠠᠵᠤ ᠠᠬᠤᠶᠢᠯᠠᠯ ᠪᠣᠯᠤᠨ ᠠᠵᠤ ᠦᠢᠯᠡᠣᠡᠪᠣᠷᠢ ᠶᠢᠨ ᠬᠦᠷᠢᠶᠡᠯᠡᠩ ᠲᠣᠭᠤᠷᠢᠭ ᠤᠨ ᠠᠷᠠᠯᠵᠢᠶᠠᠴᠢᠨ ᠤᠷᠢᠬᠤ ᠲᠠᠪᠴᠠᠩ ᠤᠨ ᠦᠢᠯᠡᠳᠦᠯ ᠢ ᠴᠢᠩᠭᠠᠳᠬᠠᠨ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠳᠠᠭᠠᠭᠠᠴᠠ ᠶᠢᠨ ᠴᠢᠳᠠᠪᠤᠷᠢ  ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠡᠵᠡᠩᠨᠡᠯᠲᠡ ᠶᠢᠨ ᠬᠦᠴᠢᠷ ᠠᠰᠠᠭᠤᠳᠠᠯ ᠢ ᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠦ᠂ ᠳᠡᠭᠡᠳᠦ ᠱᠠᠲᠤᠨ ᠤ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠵᠦᠢᠯᠡᠰ ᠢ ᠪᠥᠬᠦ ᠲᠠᠯ᠎ᠠ ᠪᠠᠷ ᠬᠦᠯᠢᠶᠡᠨ ᠠᠪᠴᠤ᠂ ︽ᠤᠰᠤ ᠠᠷᠪᠢᠯᠠᠬᠤ ᠠᠵᠢᠯᠯᠠᠭ᠎ᠠ︾ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠰᠢᠪᠲᠤᠯᠤᠯᠲᠠ︾ ᠶᠢ ᠲᠦᠷᠭᠡᠳᠬᠡᠨ ᠠᠬᠢᠭᠤᠯᠵᠤ᠂ ᠥᠭᠡᠷᠡᠴᠢᠯᠡᠯᠲᠡ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠡᠨᠧᠷᠭᠢ ᠣᠯᠭᠤᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠣᠶ ᠪᠣᠯᠭᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠡᠯᠲᠠ ᠶᠢᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠢᠳᠠᠯ ᠤᠨ ᠬᠢᠷᠢ ᠪᠠᠷ ᠢᠶᠠᠨ ᠲᠥᠯᠥᠪᠵᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠬᠠᠩᠭᠠᠯᠭ᠎ᠠ ᠶᠢᠨ ᠶᠠᠰᠤ ᠴᠢᠨᠠᠷ ᠪᠠ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠢ ᠭᠦᠨᠵᠡᠭᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶ ᠠᠳᠬᠤᠵᠤ᠂ ᠠᠮᠢ ᠠᠬᠤᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ︽ᠬᠤᠶᠠᠷ ᠠᠭᠤᠯᠠ︾ ᠶᠢᠨ ᠦᠢᠯᠡᠳᠣᠯᠭᠡ ᠶᠢᠨ ᠰᠢᠨ᠎ᠡ ᠶᠢ ᠡᠭᠦᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠦᠷ᠎ᠡ ᠠᠰᠢᠭ ᠢ ᠤᠨᠳᠤᠤᠰᠢᠭᠤᠯᠤᠨ ᠥᠷᠲᠡᠭ ᠢ ᠨᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠣᠶᠤᠨ ᠤ ᠪᠣᠯᠪᠠᠰᠤᠨ ᠤ ᠡᠭᠦᠳᠦᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ︽ᠳᠥᠷᠪᠡᠨ ᠵᠦᠢᠯ ᠤᠨ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠴᠣᠬᠤᠶᠢᠵᠤ ᠪᠠᠶᠢᠭ᠎ᠠ  ᠦᠶ᠎ᠡ  ᠳᠤᠨᠢ  ᠴᠠᠭ  ᠲᠤᠬᠠᠶ  ᠳᠤᠨᠢ  ᠰᠢᠢᠳᠪᠦᠷᠢᠯᠡᠵᠦ᠂ ᠲᠣᠮᠣ ᠣᠨᠴᠠ ᠶᠡᠭᠡ ᠦᠢᠯᠡᠣᠡᠪᠣᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠭᠤᠤᠯ ᠱᠤᠭᠤᠮ ᠤᠨ ᠠᠵᠢᠯ ᠢ ᠲᠤᠭᠤᠰᠢᠯᠠᠭᠤᠯᠤᠨ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠠᠷᠠᠲᠤ ᠲᠡᠮᠳᠡᠭ ᠢ ᠡᠭᠦᠳᠴᠦ ᠬᠠᠷᠢᠯᠴᠠᠨ ᠠᠰᠢᠭᠲᠠᠶ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠨ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤ ᠥᠷᠨᠢᠭᠦᠯᠵᠦ᠂ ᠨᠡᠶᠢᠭᠡᠮ ᠳᠠᠶᠠᠭᠠᠷ ᠤᠨ ᠬᠦᠰᠡᠯ ᠨᠠᠶᠢᠲᠠᠯᠭ᠎ᠠ ᠶᠢ ᠪᠠᠲᠤ ᠴᠡᠭᠡᠵᠢᠯᠡᠨ᠂ ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠶᠢ ᠬᠥᠲᠥᠯᠥᠨ ᠵᠢᠯᠣᠭᠤᠳᠬᠤ  ᠬᠡᠷᠡᠭᠲᠡᠶ ᠭᠡᠪᠡ᠃        ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠤᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠲᠣᠭᠲᠠᠴᠠ ᠶᠢ ᠪᠦᠷᠢᠡᠰᠢᠭᠦᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠰᠠᠭᠤᠳᠠᠯ ᠢ ᠦᠨᠡᠨ ᠬᠦ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠪᠠᠲᠤ ᠴᠢᠩᠭ᠎ᠠ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠪᠠ ᠰᠤᠯᠠ ᠳᠣᠷᠣᠢ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠯᠲᠡ ᠶᠢ ᠠᠬᠢᠭᠤᠯᠵᠤ᠂ ︽ᠠᠷᠤ ᠬᠤᠷᠴᠢᠨ ᠤ ᠪᠠᠭ᠎ᠠ ᠬᠦᠷᠢᠶ᠎ᠡ︾ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠨᠡᠮᠡᠭᠳᠡᠭᠦᠯᠬᠦ ᠬᠡᠷᠡᠭᠲᠡᠶ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠵᠥᠪ ᠣᠨᠣᠪᠴᠢᠲᠠᠶ ᠬᠥᠮᠦᠨ ᠰᠣᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠰᠢᠨ᠎ᠡ ᠨᠢᠭᠡ ᠬᠤᠭᠤᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠶ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠵᠢᠯ ᠲᠥᠷᠥᠯ ᠤᠨ ᠢᠯᠵᠠᠷᠠᠯ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠬᠤ ᠬᠡᠷᠡᠭᠲᠡᠶ ᠭᠡᠪᠡ᠃        ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶ᠎ᠠ ᠶᠢᠨ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠸᠠᠩ ᠸᠧᠨ ᠲᠦᠩ᠂ ᠸᠠᠩ ᠵᠢᠩ ᠯᠦᠩ᠂ ᠪᠠᠷᠰᠪᠠᠭᠠᠲᠤᠷ ᠵᠡᠷᠭᠡ ᠭᠤᠷᠪᠠᠨ ᠨᠥᠬᠦᠷ ᠤᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠴᠤ᠂ ᠸᠠᠩ ᠸᠧᠨ ᠲᠦᠩ᠂ ᠸᠠᠩ ᠵᠢᠩ ᠯᠦᠩ ᠪᠠᠷᠰᠪᠠᠭᠠᠲᠤᠷ ᠵᠡᠷᠭᠡ ᠭᠤᠷᠪᠠᠨ ᠨᠥᠬᠦᠷ ᠢ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠭᠤᠯᠭᠠᠪᠠ᠃        ᠪᠥᠬᠦᠳᠡ ᠬᠤᠷᠠᠯ ᠠᠴᠠ᠂ ᠬᠤᠰᠢᠭᠤ ᠳᠠᠶᠠᠭᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ ᠢᠲᠡᠭᠡᠯ ᠵᠣᠷᠢᠭ ᠢᠶᠠᠨ ᠪᠠᠲᠤᠳᠬᠠᠨ᠂ ᠬᠠᠷᠠᠮ ᠦᠭᠡᠢ ᠵᠣᠷᠢᠭᠤᠯᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠡᠯ᠎ᠡ ᠵᠦᠢᠯ ᠤᠨ ᠠᠵᠢᠯ ᠦᠢᠯᠡᠰ ᠢᠶᠠᠨ ᠯᠠᠪᠳᠠᠭᠤᠨ ᠪᠠᠲᠤᠲᠠᠶ ᠰᠠᠢᠲᠤᠷ ᠬᠢᠵᠦ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠶ᠎ᠠ ᠭᠡᠵᠦ ᠤᠷᠢᠶᠠᠯᠠᠪᠠ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号