1 ᠰᠠᠷ᠎ᠠ ᠶᠢᠨ 10 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠭᠦᠸᠧ ᠯᠦ ᠮᠧᠩ 2025 ᠣᠨ ᠤ ᠬᠤᠲᠠ ᠶᠢᠨ ᠳᠡᠰ ᠤᠨ | ᠭᠤᠤᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠭᠦᠢᠴᠡᠣᠡᠭᠡᠬᠦ ᠶᠢ ᠠᠬᠢᠭᠤᠯᠬᠤ ᠬᠤᠷᠠᠯ ᠢ ᠡᠷᠬᠢᠯᠡᠨ | ᠬᠤᠷᠠᠯᠳᠤᠭᠤᠯᠵᠤ᠂ ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠣᠡᠪᠣᠷᠢ ᠮᠡᠳᠡᠭᠡ | ᠵᠠᠩᠬᠢᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | ᠬᠤᠷᠠᠯ ᠳᠡᠭᠡᠷ᠎ᠡ᠂ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ | ᠪᠦᠬᠦ ᠬᠤᠰᠢᠭᠤᠨ ᠤ 2025 ᠣᠨ ᠤ ᠬᠤᠲᠠ ᠶᠢᠨ ᠳᠡᠰ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠶᠡᠷᠦᠩᠬᠡᠶ | ᠪᠠᠶᠢᠳᠡᠯ ᠢ ᠵᠠᠷᠯᠠᠨ ᠮᠡᠳᠡᠭᠳᠡᠵᠦ᠂ ᠡᠯ᠎ᠡ ᠲᠥᠷᠥᠯ ᠵᠦᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠠᠴᠠ ᠲᠥᠷᠥᠯ ᠵᠦᠢᠯ ᠤᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠡᠯ ᠢ | ᠲᠤᠰ ᠲᠤᠰ ᠬᠠᠷᠢᠭᠤ ᠮᠡᠳᠡᠭᠦᠯᠬᠦ ᠶᠢᠨ ᠬᠠᠮᠲᠤ ᠰᠠᠨᠠᠯ ᠢᠶᠠᠨ ᠰᠣᠯᠢᠯᠴᠠᠨ ᠶᠠᠷᠢᠯᠴᠠᠪᠠ᠃ | ᠭᠦᠸᠧ ᠯᠦ ᠮᠧᠩ ᠴᠢᠬᠤᠯᠠᠴᠢᠯᠠᠭᠰᠠᠨ ᠨᠢ᠂ ᠬᠤᠲᠠ ᠶᠢᠨ ᠳᠡᠰ ᠤᠨ ᠭᠤᠤᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠪᠣᠯ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠃ ᠡᠯ᠎ᠡ ᠰᠠᠯᠠᠭ᠎ᠠ ᠮᠥᠴᠢᠷ ᠤᠳ ᠭᠤᠤᠯᠳᠠᠯᠭ᠎ᠠ ᠲᠠᠢ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ | ᠥᠬᠡᠶ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠣᠡᠭᠡᠬᠦ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠲᠦᠯᠬᠢᠨ | ᠠᠬᠢᠭᠤᠯᠬᠤ ᠬᠡᠷᠡᠭᠲᠡᠶ︔ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠬᠢᠭᠤᠯᠬᠤ | ᠲᠥᠯᠥᠪᠯᠡᠭᠡ ᠲᠣᠭᠲᠠᠭᠠᠨ᠂ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠲᠥᠷᠥᠯ ᠵᠦᠢᠯ ᠤᠨ | ᠠᠬᠢᠴᠠ ᠶᠢ ᠴᠠᠭ ᠲᠤᠬᠠᠶ ᠳᠤᠨᠢ ᠳᠠᠭᠠᠵᠤ᠂ ᠲᠥᠷᠥᠯ ᠵᠦᠢᠯ ᠤᠨ ᠠᠬᠢᠴᠠ ᠡᠷᠴᠢᠮ ᠲᠠᠢ᠂ ᠪᠠᠶᠢᠭᠤᠯᠬᠤ ᠳᠤ ᠦᠷ᠎ᠡ | ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ︔ ᠪᠦᠬᠦ ᠬᠤᠰᠢᠭᠤᠨ ᠤ ︽ᠨᠢᠭᠡ ᠬᠥᠯᠭᠡ ᠰᠢᠲᠠᠷ᠎ᠠ︾ ᠶᠢᠨ ᠶᠡᠭᠡ | ᠲᠠᠯ᠎ᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠵᠣᠬᠢᠴᠠᠯᠳᠤᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠦ᠂ ᠲᠥᠷᠥᠯ | ᠵᠦᠢᠯ ᠤᠨ ᠨᠠᠶᠢᠳᠠᠪᠣᠷᠢᠵᠢᠭᠤᠯᠣᠯᠳᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ︔ ᠬᠢᠨᠠᠨ ᠵᠢᠯᠣᠭᠤᠳᠴᠤ | ᠪᠠᠶᠢᠴᠠᠭᠠᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠲᠣᠬᠢᠷᠠᠭᠤᠯᠤᠯᠲᠠ ᠶᠢ ᠴᠢᠩᠭᠠᠳᠬᠠᠨ᠂ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠲᠣᠭᠲᠠᠭᠰᠠᠨ ᠬᠤᠭᠤᠴᠠᠭᠠᠨ ᠳᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠢᠲᠠᠢ ᠬᠥᠭᠵᠢᠯᠲᠡ ᠶᠢ | ᠬᠦᠴᠦᠯᠡᠨ ᠠᠬᠢᠭᠤᠯᠬᠤ ᠬᠡᠷᠡᠭᠲᠡᠶ ᠭᠡᠵᠡᠶ᠃ ︵ᠯᠢᠦ ᠰᠢᠨ ᠲᠢᠩ︶ |